ᠱᠠᠩᠳᠤ ᠰᠢᠶᠠᠨ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
    ᠪᠥᠬᠦ ᠰᠢᠶᠠᠨ ᠤ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮᠵᠢᠯ ᠲᠠᠢ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠱᠠᠩᠳᠤ ᠰᠢᠶᠠᠨ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠠᠴᠠ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠦᠷ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠵᠤ᠂ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ ᠪᠠᠷᠢᠮᠵᠢᠶ᠎ᠠ ᠵᠢᠴᠢ ᠬᠢᠨᠠᠨ ᠵᠥᠪᠰᠢᠶᠡᠷᠡᠬᠦ ᠴᠤᠪᠤᠷᠠᠯ ᠢ ᠲᠠᠶᠢᠯᠪᠤᠷᠢᠯᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠠᠮᠤᠷ ᠲᠦᠪᠰᠢᠨ ᠤ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠠᠭᠳᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠪᠡᠯᠡᠳᠬᠡᠮᠵᠢ ᠶᠢ ᠤᠭᠰᠠᠷᠠᠭᠤᠯᠤᠨ ᠬᠡᠷᠡᠭᠯᠡᠬᠦ ᠶᠢ ᠲᠦᠷᠭᠡᠬᠡᠨ ᠪᠡᠶᠡᠯᠡᠭᠦᠯᠬᠦ ᠶᠢᠨ ᠬᠠᠮᠲᠤ ᠬᠢᠷᠢ ᠬᠡᠮ ᠲᠠᠢ ᠠᠮᠤᠷ ᠲᠦᠪᠰᠢᠨ ᠤ ᠮᠡᠳᠡᠭᠦᠯᠦᠯᠲᠡ ᠬᠢᠯᠭᠡᠵᠦ᠂ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠶᠢᠨ ᠬᠠᠮᠲᠤ᠂ ᠬᠠᠮᠢᠶ᠎ᠠ ᠪᠦᠬᠦᠢ ᠭᠠᠷᠳᠠᠮ ᠢ ᠴᠠᠭ ᠲᠤᠬᠠᠶ ᠳᠤᠨᠢ ᠭᠦᠢᠴᠡᠳᠬᠡᠵᠦ ᠳᠡᠶᠢᠯᠬᠦ ᠦᠭᠡᠢ ᠰᠢᠨᠵᠢᠯᠡᠭᠡᠨ ᠤ ᠰᠠᠯᠠᠭ᠎ᠠ ᠶᠢᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠣᠯ ᠠᠵᠢᠯ ᠢ ᠨᠢ ᠵᠣᠭᠰᠣᠭᠠᠵᠤ ᠴᠡᠭᠴᠡᠯᠡᠬᠦ ᠬᠠᠮᠢᠶᠠᠷᠤᠯᠲᠠ ᠶᠢᠨ ᠠᠷᠭ᠎ᠠ ᠶᠢ ᠠᠪᠴᠤ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠠᠵᠢᠯ ᠢᠶᠠᠨ ᠥᠷᠨᠢᠭᠦᠯᠵᠦ᠂ ᠡᠵᠡᠩᠨᠡᠯᠲᠡ ᠪᠠᠨ ᠵᠢᠷᠤᠮᠵᠢᠭᠤᠯᠬᠤ ᠬᠡᠷᠡᠭᠲᠡᠶ᠃    ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠪᠥᠬᠦ ᠰᠢᠶᠠᠨ ᠤ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2