ᠱᠠᠩᠳᠤ ᠰᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/5/30
   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠ ︽ᠤᠯᠠᠭᠠᠨᠴᠠᠪ ᠬᠤᠲᠠ ᠶᠢᠨ 2024 ᠣᠨ ᠤ ᠳᠡᠭᠡᠷ᠎ᠡ ᠬᠠᠭᠠᠰ ᠵᠢᠯ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠯᠪᠠᠨ ᠵᠠᠷ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠰᠢᠶᠠᠨ ᠤ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠮᠠᠭᠠᠳᠯᠠᠨ ᠲᠣᠭᠲᠠᠭᠠᠬᠤ ᠠᠵᠢᠯᠲᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠷ᠎ᠡ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠯᠪᠠᠨ ᠵᠠᠷ︾ ᠢ ᠨᠠᠷᠢᠨ ᠬᠢᠨᠠᠮᠠᠭᠠᠶ ᠤᠩᠰᠢᠬᠤ ᠬᠡᠷᠡᠭᠲᠡᠶ᠃    ᠬᠤᠶᠠᠷ᠂ ᠰᠦᠯᠵᠢᠶ᠎ᠡ ᠪᠠᠷ ᠮᠡᠳᠡᠭᠦᠯᠬᠦ ᠴᠠᠭ    2024 ᠣᠨ ᠤ 6 ᠰᠠᠷ᠎ᠠ ᠶᠢᠨ 3 ᠤ ᠡᠳᠦᠷ ᠤᠨ 9᠄ 00 - 6 ᠰᠠᠷ᠎ᠠ ᠶᠢᠨ 17 ᠤ ᠡᠳᠦᠷ ᠤᠨ 17᠄ 00    ᠭᠤᠷᠪᠠ᠂ ᠰᠦᠯᠵᠢᠶ᠎ᠡ ᠪᠠᠷ ᠮᠡᠳᠡᠭᠦᠯᠬᠦ ᠭᠠᠵᠠᠷ    ᠳᠤᠮᠳᠠᠳᠤ ᠤᠯᠤᠰ ᠤᠨ ᠪᠠᠭᠰᠢ ᠶᠢᠨ ᠬᠢᠷᠢ ᠬᠡᠮ ᠤᠨ ᠰᠦᠯᠵᠢᠶ᠎ᠡ http://www.jszg.edu.cn    ᠳᠥᠷᠪᠡ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠦᠨᠡᠮᠰᠢᠭᠰᠡᠨ ᠬᠥᠮᠦᠰ ᠤᠨ ᠬᠡᠪᠴᠢᠶ᠎ᠡ    ︵ᠨᠢᠭᠡ︶ ᠡᠷᠦᠬᠡ ᠠᠮᠠ ᠶᠢᠨ ᠳᠠᠩᠰᠠ ᠪᠠᠨ ᠱᠠᠩ ᠳᠤ ᠰᠢᠶᠠᠨ ᠤ ᠬᠦᠮᠦᠰ᠃    ︵ᠬᠤᠶᠠᠷ︶ ᠱᠠᠩ ᠳᠤ ᠰᠢᠶᠠᠨ ᠤ ᠣᠷᠣᠰᠢᠨ ᠰᠠᠭᠤᠬᠤ ᠦᠨᠡᠮᠯᠡᠬᠦ ᠪᠦᠬᠦᠢ ᠮᠥᠷᠲᠡᠭᠡᠨ ᠬᠦᠴᠦᠨ ᠪᠦᠬᠦᠢ ᠬᠤᠭᠤᠴᠠᠭᠠᠨ ᠳᠤ ᠪᠠᠶᠢᠭ᠎ᠠ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠳᠠᠩᠰᠠ ᠪᠦᠬᠦᠢ ᠬᠦᠮᠦᠰ᠃    ᠲᠠᠪᠤ᠂ ᠮᠠᠭᠠᠳᠯᠠᠨ ᠲᠣᠭᠲᠠᠭᠠᠬᠤ ᠬᠢᠷᠢ ᠬᠡᠮ ᠤᠨ ᠲᠥᠷᠥᠯ ᠵᠦᠢᠯ    ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠥᠪᠬᠡᠨ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠨ᠎ᠠ᠃    ᠵᠢᠷᠭᠤᠭ᠎ᠠ᠂ ᠰᠦᠯᠵᠢᠶᠡᠨ ᠳᠡᠭᠡᠷ᠎ᠡ ᠮᠡᠳᠡᠭᠦᠯᠵᠦ ᠨᠤᠲᠠᠯᠠᠬᠤ ᠪᠠᠶᠢᠭᠤᠯᠤᠮᠵᠢ    ᠰᠦᠯᠵᠢᠶᠡᠨ ᠤ ᠮᠡᠳᠡᠭᠦᠯᠦᠯᠲᠡ ᠶᠢ ᠨᠤᠲᠠᠯᠠᠬᠤ ᠪᠠᠶᠢᠭᠤᠯᠤᠮᠵᠢ ᠪᠣᠯ ︽ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︾ ᠪᠣᠯᠤᠨ᠎ᠠ᠃    ᠳᠣᠯᠤᠭ᠎ᠠ᠂ ᠲᠤᠬᠠᠶ ᠶᠢᠨ ᠲᠠᠯᠠᠪᠠᠶ ᠳᠤ ᠴᠠᠭ ᠵᠢᠴᠢ ᠭᠠᠵᠠᠷ ᠣᠷᠣᠨ ᠢ ᠨᠤᠲᠠᠯᠠᠨ᠎ᠠ᠃    2024 ᠣᠨ ᠤ 6 ᠰᠠᠷ᠎ᠠ ᠶᠢᠨ 18 ᠤ ᠡᠳᠦᠷ - 6 ᠰᠠᠷ᠎ᠠ ᠶᠢᠨ 20 ᠤ ᠡᠳᠦᠷ ︵ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 2᠄ 30 - 6᠄ 00︶ ᠱᠠᠩᠳᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ᠲᠥᠪ ᠤᠨ 501 ᠲᠠᠰᠤᠭ ᠤᠨ ᠲᠤᠬᠠᠶ ᠶᠢᠨ ᠲᠠᠯᠠᠪᠠᠶ ᠳᠤ ᠨᠤᠲᠠᠯᠠᠵᠠᠶ᠃    ᠨᠠᠢᠮᠠ᠂ ᠮᠠᠭᠠᠳᠯᠠᠨ ᠲᠣᠭᠲᠠᠭᠠᠬᠤ ᠨᠥᠬᠦᠴᠡᠯ    1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠷ᠎ᠡ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠯᠪᠠᠨ ᠵᠠᠷ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃    2. ᠰᠤᠷᠭᠠᠨ ᠬᠥᠮᠦᠵᠢᠯ ᠵᠢᠭᠠᠨ ᠰᠤᠷᠭᠠᠬᠤ ᠴᠢᠳᠠᠪᠤᠷᠢ ᠨᠥᠬᠦᠴᠡᠯ᠃    ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠵᠤ᠂ ᠪᠢᠷ ᠤᠨ ᠰᠢᠯᠭᠠᠯᠲᠠ᠂ ᠨᠢᠭᠤᠷᠳᠠᠨ ᠰᠢᠯᠭᠠᠯᠲᠠ ᠳᠤ ᠴᠥᠮ ᠬᠢᠷᠢ ᠲᠡᠩᠴᠡᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ᠶᠢᠨ ᠬᠢᠷᠢ ᠲᠡᠩᠴᠡᠭᠰᠡᠨ ᠭᠡᠷᠡᠴᠢ︾ ᠣᠯᠤᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ︔ ᠡᠰᠡᠬᠦᠯ᠎ᠡ ᠰᠤᠷᠭᠠᠨ ᠬᠥᠮᠦᠵᠢᠯ ᠤᠨ ᠲᠥᠷᠥᠯ ᠤᠨ ᠰᠤᠳᠤᠯᠬᠤ ᠰᠤᠷᠤᠭᠴᠢ ᠪᠣᠯᠤᠨ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠰᠢᠯᠭᠠᠬᠤ ᠦᠭᠡᠶ ᠪᠠᠷ ᠦᠨᠡᠮᠰᠢᠭᠦᠯᠬᠦ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠥᠭᠡᠷᠡᠴᠢᠯᠡᠯᠲᠡ ᠶᠢᠨ ᠲᠣᠭᠲᠠᠭᠠᠯ ᠢ ᠦᠨᠳᠦᠰᠦᠯᠡᠨ ᠂ ᠰᠢᠯᠭᠠᠭᠤᠯᠬᠤ ᠦᠭᠡᠶ ᠪᠠᠷ ᠦᠨᠡᠮᠰᠢᠭᠦᠯᠬᠦ ᠬᠡᠪᠴᠢᠶᠡᠨ ᠳᠤ ᠬᠠᠷᠢᠶᠠᠯᠠᠭᠳᠠᠬᠤ ᠶᠢᠨ ᠬᠠᠮᠲᠤ ︽ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠣᠯᠤᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠣᠲᠣᠷ᠎ᠠ ᠪᠠᠶᠢᠬᠤ ᠬᠡᠷᠡᠭᠲᠡᠶ᠃    2020 ᠣᠨ ᠤ ᠵᠢᠴᠢ ᠥᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠲᠤᠰᠬᠠᠶ ᠮᠡᠷᠭᠡᠵᠢᠯ ᠠᠴᠠ ᠲᠡᠭᠦᠰᠦᠭᠰᠡᠨ ᠪᠥᠭᠡᠳ ᠠᠩᠬ᠎ᠠ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠪᠠ᠃    3. ᠨᠡᠶᠢᠲᠡᠯᠢᠭ ᠬᠡᠯᠡᠨ ᠤ ᠬᠢᠷᠢ ᠬᠡᠮᠵᠢᠶ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ ᠶᠢ ᠬᠡᠷᠡᠭᠵᠢᠭᠦᠯᠬᠦ ᠠᠷᠭ᠎ᠠ︾ ᠶᠢᠨ ᠠᠷᠪᠠ ᠶᠢᠰᠦᠳᠦᠭᠡᠷ ᠵᠦᠢᠯ ᠤᠨ ︵ᠬᠤᠶᠠᠷ︶ ᠳ᠋ᠦᠭᠡᠷ ᠵᠤᠷᠪᠤᠰ ᠤᠨ ᠲᠣᠭᠲᠠᠭᠠᠯ ᠶᠣᠰᠣᠭᠠᠷ᠂ ᠪᠠᠭᠰᠢ ᠶᠢᠨ ᠬᠢᠷᠢ ᠭᠡᠮ ᠢ ᠭᠤᠶᠤᠴᠢᠯᠠᠭᠴᠢ᠂ ᠰᠤᠷᠭᠠᠭᠤᠯᠢ ᠵᠢᠴᠢ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠪᠠᠭᠰᠢ ᠨᠠᠷ ᠬᠤᠶᠠᠳᠤᠭᠠᠷ ᠲᠠᠰ ᠤᠨ ᠬᠥᠬᠡᠭᠴᠢᠨ ᠳᠡᠰ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠶ᠂ ᠡᠭᠦᠨ ᠳᠤ ᠬᠡᠯᠡ ᠪᠢᠴᠢᠭ ᠤᠨ ᠪᠠᠭᠰᠢ᠂ ᠣᠯᠠᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠤᠨ ᠪᠠᠭᠰᠢ ᠨᠠᠷ ᠬᠤᠶᠠᠳᠤᠭᠠᠷ ᠲᠠᠰ ᠤᠨ ᠬᠥᠬᠡ ᠳᠡᠰ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠶ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠪᠠᠭᠰᠢ ᠨᠠᠷ ᠭᠤᠷᠪᠠᠳᠤᠭᠠᠷ ᠲᠠᠰ ᠤᠨ ᠬᠥᠬᠡ ᠳᠡᠰ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠶ ᠪᠥᠭᠡᠳ ᠠᠯᠬᠤᠮ ᠠᠯᠬᠤᠮ ᠢᠶᠠᠷ ᠬᠤᠶᠠᠳᠤᠭᠠᠷ ᠲᠠᠰ ᠤᠨ ᠬᠥᠬᠡᠭᠴᠢᠨ ᠳᠡᠰ ᠠᠴᠠ ᠳᠡᠭᠡᠭᠰᠢ ᠳᠤ ᠬᠦᠷᠦᠭᠰᠡᠨ ᠪᠠᠶᠢᠬᠤ ᠬᠡᠷᠡᠭᠲᠡᠶ᠃    ᠶᠢᠰᠦ᠂ ᠲᠤᠬᠠᠢ ᠶᠢᠨ ᠲᠠᠯᠠᠪᠠᠢ ᠶᠢᠨ ᠨᠤᠲᠠᠯᠠᠯᠲᠠ᠃    ᠰᠤᠷᠤᠯᠴᠠᠭᠰᠠᠨ ᠨᠠᠮᠲᠠᠷ ᠤᠨ ᠦᠨᠡᠮᠯᠡᠯ᠂ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢ ᠰᠢᠯᠭᠠᠬᠤ ᠵᠡᠷᠭᠡ ᠲᠠᠰ ᠤᠨ ᠦᠨᠡᠮᠯᠡᠯ ᠢ ︽ᠪᠠᠭᠰᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠤᠨ ᠡᠯᠧᠺᠲᠷᠣᠨ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠠᠮᠵᠢᠭᠠᠳ ᠠᠯᠳᠠᠭ᠎ᠠ ᠦᠭᠡᠶ ᠪᠣᠯ ᠰᠠᠶ᠋ᠢ ᠲᠤᠬᠠᠶ ᠶᠢᠨ ᠲᠠᠯᠠᠪᠠᠶ ᠳᠤ ᠨᠤᠲᠠᠯᠠᠵᠤ ᠪᠣᠯᠤᠨ᠎ᠠ᠃ ᠨᠢᠭᠡᠨᠲᠡ ᠨᠤᠲ ᠳᠡᠭᠡᠷ᠎ᠡ ᠥᠩᠭᠡᠷᠡᠭᠰᠡᠨ ᠮᠠᠲ᠋ᠧᠷᠢᠶᠠᠯ ᠨᠢ ᠬᠠᠭᠤᠯᠪᠤᠷᠢ ᠳᠡᠪᠲᠡᠷ ᠢ ᠲᠤᠰᠢᠶᠠᠬᠤ ᠬᠡᠷᠡᠭ ᠦᠭᠡᠢ᠃    ᠲᠤᠬᠠᠶ ᠶᠢᠨ ᠲᠠᠯᠠᠪᠤᠷ ᠲᠤ ᠭᠤᠶᠤᠴᠢᠯᠠᠭᠴᠢ ᠨᠢ ᠳᠣᠤᠷᠠᠬᠢ ᠮᠠᠲ᠋ᠧᠷᠢᠶᠠᠯ ᠤᠳ ᠢ ᠠᠪᠴᠤ ᠶᠠᠪᠤᠬᠤ ᠶᠢ ᠬᠢᠨᠠᠨ ᠬᠠᠷᠭᠤᠭᠤᠯᠪᠠ᠄    1. ᠪᠡᠶ᠎ᠡ ᠶᠢᠨ ᠭᠡᠷᠡᠴᠢ᠃ ᠲᠤᠰ ᠬᠦᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠳᠡᠪᠲᠡᠷ᠂ ᠡᠷᠦᠬᠡ ᠠᠮᠠ ᠶᠢᠨ ᠳᠡᠪᠲᠡᠷ ᠤᠨ ᠲᠡᠷᠢᠭᠦᠨ ᠬᠠᠭᠤᠳᠠᠰᠤ ᠪᠣᠯᠣᠨ ᠬᠤᠪᠢ ᠬᠦᠮᠦᠨ ᠤ ᠨᠢᠭᠤᠷ ᠤᠨ ᠬᠠᠭᠤᠯᠪᠤᠷᠢ ᠶᠢ 1 ᠬᠤᠪᠢ ᠪᠠᠭᠤᠯᠭᠠᠨ᠎ᠠ᠃ ᠡᠷᠦᠬᠡ ᠠᠮᠠ ᠶᠢᠨ ᠳᠠᠩᠰᠠ ᠨᠢ ᠲᠤᠰ ᠰᠢᠶᠠᠨ ᠳᠤ ᠪᠠᠶᠢᠬᠤ ᠦᠭᠡᠶ ᠭᠤᠶᠤᠴᠢᠯᠠᠭᠴᠢ ᠨᠢ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠭᠤᠯᠭᠠᠪᠤᠷᠢ ᠪᠠᠨ 1 ᠬᠤᠪᠢ ᠠᠪᠴᠤ ᠶᠠᠪᠤᠬᠤ ᠬᠡᠷᠡᠭᠲᠡᠶ᠃    2.2020 ᠤᠨ ᠵᠢᠴᠢ ᠥᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠢᠶᠠᠷ ᠬᠢᠴᠢᠶᠡᠯᠯᠡᠬᠦ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠡᠭᠦᠰᠦᠭᠰᠡᠨ ᠪᠥᠭᠡᠳ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠲᠣᠭᠲᠠᠭᠠᠬᠤ ᠳᠤ ᠪᠣᠯ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠪᠠᠨ ᠳᠠᠷᠤᠭᠰᠠᠨ ᠲᠡᠭᠦᠰᠦᠭᠰᠡᠳ ᠤᠨ ᠳᠠᠩᠰᠠ ᠡᠪᠬᠡᠮᠡᠯ ᠤᠨ ᠳᠣᠲᠣᠷᠠᠬᠢ ᠬᠢᠷᠢ ᠪᠦᠲᠦᠮᠵᠢ ᠶᠢᠨ ᠬᠠᠭᠤᠳᠠᠰᠤ ᠵᠢᠴᠢ ᠰᠤᠷᠭᠠᠨ ᠬᠥᠮᠦᠵᠢᠯ ᠤᠨ ᠳᠠᠳᠤᠯᠭ᠎ᠠ ᠶᠢᠨ ᠬᠢᠨᠠᠨ ᠲᠣᠭᠲᠠᠭᠠᠯᠲᠠ ᠶᠢᠨ ᠬᠦᠰᠦᠨᠦᠭᠲᠦ ᠶᠢᠨ ᠬᠠᠭᠤᠯᠪᠤᠷᠢ ᠶᠢ ᠬᠠᠩᠭᠠᠬᠤ ᠬᠡᠷᠡᠭᠲᠡᠶ᠃    3. ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠬᠢᠷᠢ ᠲᠡᠩᠴᠡᠭᠰᠡᠨ ᠭᠡᠷᠡᠴᠢ︾ ᠪᠤᠶᠤ ︽ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ︾ ᠲᠠᠢ ᠪᠠᠶᠢᠪᠠᠯ᠂ ᠨᠡᠷ᠎ᠡ ᠮᠡᠳᠡᠭᠦᠯᠬᠦ ᠰᠢᠰᠲ᠋ᠧᠮ ᠠᠴᠠ ᠠᠦ᠋ᠲ᠋ᠣ᠋ ᠪᠠᠷ ᠬᠠᠷᠭᠤᠭᠤᠯᠤᠨ ᠪᠠᠶᠢᠴᠠᠭᠠᠵᠤ᠂ ᠲᠤᠰᠢᠶᠠᠬᠤ ᠴᠢᠬᠤᠯᠠ ᠦᠭᠡᠢ᠃    4. ᠣᠢᠢᠷ᠎ᠠ ᠶᠢᠨ ᠬᠤᠭᠤᠴᠠᠭᠠᠨ ᠳᠤ ᠬᠤᠶᠠᠷᠬᠠᠨ ᠢᠮᠠᠬᠤ ᠲᠠᠷᠤᠭ᠎ᠠ ᠣᠢᠭᠡᠢ ᠴᠠᠭᠠᠨ ᠰᠠᠭᠦᠲᠠᠷ 2 ᠵᠢᠷᠤᠭ ᠮ᠊ ᠮ᠊ ᠡᠷᠭᠡᠪᠰᠢ ᠰᠦᠯᠵᠢᠶᠠᠨ ᠲᠠᠭᠡᠷᠠᠭᠢ ᠮᠡᠳᠡᠭᠡ ᠲᠠᠢ ᠨᠢᠭᠡᠲᠣᠯᠲᠠᠢ ᠪᠠᠶᠢᠬᠤ ᠬᠡᠷᠠᠭᠲᠠᠢ    ᠠᠷᠪᠠ᠂ ᠪᠡᠶ᠎ᠡ ᠶᠢᠨ ᠪᠠᠶᠢᠴᠠᠭᠠᠯᠲᠠ    ᠲᠤᠬᠠᠶ ᠶᠢᠨ ᠲᠠᠯᠠᠪᠠᠶ ᠳᠤ ᠬᠢᠷᠢ ᠲᠡᠩᠴᠡᠭᠰᠡᠨ ᠢ ᠨᠤᠲᠠᠯᠠᠭᠰᠠᠨ ᠤ ᠳᠠᠷᠠᠭ᠎ᠠ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠶᠢ ᠠᠪᠴᠤ᠂ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠯᠭᠡᠬᠦ ᠬᠡᠷᠡᠭᠲᠡᠶ᠃    ᠠᠷᠪᠠᠨ ᠨᠢᠭᠡ᠂ ᠦᠨᠡᠮᠯᠡᠯ ᠠᠪᠬᠤ    ᠬᠢᠷᠢ ᠲᠡᠩᠴᠡᠭᠰᠡᠨ ᠬᠥᠮᠦᠨ ᠢ ᠦᠨᠡᠮᠯᠡᠯ ᠠᠪᠬᠤ ᠪᠣᠳᠠᠲᠠᠶ ᠴᠠᠭ ᠵᠢᠴᠢ ᠭᠠᠵᠠᠷ ᠣᠷᠣᠨ ᠳᠤ ︽ᠱᠠᠩᠳᠤ ᠶᠢᠨ ᠰᠤᠷᠭᠠᠨ ᠬᠥᠮᠦᠵᠢᠯ︾ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠠᠩᠬᠠᠷᠤᠭᠠᠷᠠᠢ᠃    ᠠᠰᠠᠭᠤᠨ ᠯᠠᠪᠯᠠᠬᠤ ᠤᠲᠠᠰᠤ᠄ 0474 - 6917356ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2