ᠱᠠᠩᠳᠤ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/5/30
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠪᠰᠤᠷᠤᠨ ᠰᠢᠭᠦᠭᠴᠢ ᠶᠢᠨ ᠬᠠᠤᠯᠢ︾ ᠪᠣᠯᠤᠨ ︽ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠡᠳᠦᠭᠡ ᠱᠠᠩᠳᠤ ᠰᠢᠶᠠᠨ ᠤ 2024 ᠣᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠡ᠃    ᠨᠢᠭᠡ᠂ ᠰᠣᠩᠭᠤᠨ ᠲᠣᠮᠢᠯᠠᠭᠰᠠᠨ ᠣᠷᠣᠨ ᠲᠤᠭ᠎ᠠ    ᠪᠦᠬᠦ ᠰᠢᠶᠠᠨ ᠳᠤ ᠨᠡᠶᠢᠲᠡ 45 ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠪᠠ᠂ ᠡᠭᠦᠨ ᠳᠤ ᠲᠣᠬᠢᠶᠠᠯᠳᠤᠯ ᠢᠶᠠᠷ ᠰᠣᠩᠭᠤᠬᠤ ᠠᠷᠭ᠎ᠠ ᠪᠠᠷ 10 ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠪᠠ᠂ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠵᠤ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ 35 ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠪᠠ᠃    ᠬᠤᠶᠠᠷ᠂ ᠰᠣᠩᠭᠤᠨ ᠲᠣᠮᠢᠯᠠᠬᠤ ᠨᠥᠬᠦᠴᠡᠯ    ︵ᠨᠢᠭᠡ︶ ᠠᠷᠠᠳ ᠤᠨ ᠬᠠᠪᠰᠤᠷᠤᠨ ᠰᠢᠬᠦᠭᠴᠢ ᠶᠢᠨ ᠪᠦᠷᠢᠯᠳᠦᠬᠦᠯᠬᠦ ᠨᠦᠬᠦᠴᠡᠯ    1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠨ᠎ᠡ᠃    2. ᠪᠦᠬᠦᠯᠢ 28 ᠨᠠᠰᠤ    3. ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠵᠠᠩ ᠰᠤᠷᠲᠠᠯ ᠰᠠᠶᠢᠨ᠂ ᠲᠥᠪ ᠭᠤᠣᠯᠴᠢ᠃    4. ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠭᠡᠵᠦ ᠪᠦᠬᠦᠢ ᠪᠡᠶ᠎ᠡ ᠮᠠᠬᠠᠪᠣᠳ ᠤᠨ ᠨᠥᠬᠦᠴᠡᠯ    ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠡᠩ ᠤᠨ ᠪᠠᠶᠢᠳᠠᠯ ᠳᠤ ᠥᠨᠳᠥᠷ ᠳᠤᠮᠳᠠᠳᠤ ᠠᠴᠠ ᠳᠡᠭᠡᠭᠰᠢᠬᠢ ᠰᠤᠶᠤᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠢ᠃    ︵ᠬᠤᠶᠠᠷ︶ ᠳᠣᠣᠷ᠎ᠠ ᠵᠢᠭᠰᠠᠭᠠᠭᠰᠠᠨ ᠬᠦᠮᠦᠰ ᠠᠷᠠᠳ ᠤᠨ ᠬᠠᠪᠰᠤᠷᠤᠨ ᠰᠢᠭᠦᠭᠴᠢ ᠪᠤᠯᠵᠤ ᠴᠢᠳᠠᠬᠤ ᠦᠭᠡᠢ    1. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠬᠤ ᠶᠢᠨ ᠬᠤᠷᠢᠶᠠᠨ ᠤ ᠪᠦᠷᠢᠯᠳᠦᠬᠦᠨ᠂ ᠬᠢᠨᠠᠨ ᠪᠠᠶᠢᠴᠠᠭᠠᠬᠤ ᠬᠤᠮᠢᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠢᠭᠤᠯᠤᠯᠭ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠢᠭᠤᠯᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠢᠭᠤᠯᠤᠯᠭ᠎ᠠ ᠶᠢᠨ ᠠᠵᠢᠯᠲᠠᠨ    2. ᠬᠠᠤᠯᠢᠴᠢ᠂ ᠲᠥᠪ ᠭᠤᠣᠯᠴᠢ᠂ ᠶᠡᠷᠦᠩᠬᠡᠢ ᠬᠠᠰᠤᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠃    3. ᠪᠤᠰᠤᠳ ᠲᠤᠰᠢᠶᠠᠯ ᠤᠨ ᠰᠢᠯᠲᠠᠭᠠᠨ ᠠᠴᠠ ᠪᠣᠯᠵᠤ ᠠᠷᠠᠳ ᠤᠨ ᠬᠠᠪᠰᠤᠷᠤᠨ ᠰᠢᠭᠦᠭᠴᠢ ᠪᠣᠯᠬᠤ ᠬᠦᠮᠦᠨ ᠢ ᠤᠬᠠᠭᠤᠯᠬᠤ ᠳᠤ ᠲᠣᠬᠢᠷᠠᠬᠤ ‍ᠦᠭᠡᠢ᠃    ︵ᠭᠤᠷᠪᠠ︶ ᠲᠤᠤᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠠᠷᠠᠳ ᠤᠨ ᠬᠠᠪᠰᠤᠷᠤᠨ ᠰᠢᠬᠦᠭᠴᠢ ᠪᠤᠯᠵᠤ ᠪᠤᠯᠬᠤ ᠦᠭᠡᠢ    1. ᠡᠷᠡᠭᠦᠦ ᠶᠢᠨ ᠰᠢᠳᠬᠡᠯ ᠣᠯᠤᠭᠰᠠᠨ︔    2. ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ᠃    3. ᠬᠠᠤᠯᠢᠴᠢ᠂ ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠵᠤ ᠠᠪᠤᠭᠠᠳ ᠬᠦᠴᠦᠨ ᠦᠭᠡᠢ ᠪᠣᠯᠭᠠᠭᠳᠠᠭᠰᠠᠨ    4. ᠢᠲᠡᠭᠡᠮᠵᠢ ᠠᠯᠳᠠᠭᠰᠠᠨ ᠭᠦᠢᠴᠡᠳᠬᠡᠬᠦ ᠨᠡᠷᠡᠰ ᠲᠤ ᠣᠷᠣᠭᠤᠯᠤᠭᠰᠠᠨ᠃    5. ᠵᠠᠯᠬᠠᠭᠠᠨ ᠴᠡᠭᠡᠷᠯᠡᠭᠦᠯᠬᠦ ᠶᠢ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠠᠴᠠ ᠬᠡᠯᠲᠦᠷᠢᠭᠦᠯᠦᠭᠰᠡᠨ᠃    6. ᠪᠤᠰᠤᠳ ᠬᠠᠤᠯᠢ ᠶᠢ ᠬᠦᠨᠳᠦ ᠨᠣᠴᠢᠲᠠᠶ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢ ᠨᠥᠯᠥᠭᠡᠯᠡᠬᠦ ᠪᠣᠯᠤᠮᠵᠢ ᠲᠠᠢ᠃    ᠭᠤᠷᠪᠠ᠂ ᠰᠣᠩᠭᠤᠨ ᠲᠣᠮᠢᠯᠠᠬᠤ ᠳᠡᠰ ᠳᠠᠷᠠᠭᠠᠯᠠᠯ    ᠲᠣᠬᠢᠶᠠᠯᠳᠤᠯ ᠢᠶᠠᠷ ᠰᠣᠩᠭᠤᠬᠤ᠂ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠩᠭᠤᠨ ᠲᠣᠮᠢᠯᠠᠨ᠎ᠠ᠃    ᠲᠠᠰᠢᠷᠠᠮ ᠢᠶᠠᠷ ᠰᠣᠩᠭᠤᠨ ᠰᠣᠩᠭᠤᠬᠤ ᠨᠢ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠪᠥᠬᠦᠳᠡ ᠬᠤᠷᠠᠯ ᠪᠣᠯᠤᠨ ᠱᠠᠩᠳᠤ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠣᠰ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠨᠥᠬᠦᠴᠡᠯ ᠳᠤ ᠨᠡᠶᠢᠴᠡᠬᠦ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠨᠡᠷᠡᠰ ᠠᠴᠠ ᠲᠠᠰᠢᠷᠠᠮ ᠢᠶᠠᠷ ᠲᠣᠭᠲᠠᠭᠠᠨ᠎ᠠ᠃    ᠬᠤᠪᠢ ᠬᠥᠮᠦᠨ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠢ ᠡᠭᠦᠷᠭᠡᠯᠡᠬᠦ ᠪᠠᠷ ᠭᠤᠶᠤᠴᠢᠯᠠᠪᠠᠯ᠂ 2024 ᠣᠨ ᠤ 8 ᠰᠠᠷ᠎ᠠ ᠶᠢᠨ 20 ᠤ ᠡᠳᠦᠷ ᠠᠴᠠ ᠡᠮᠦᠨ᠎ᠡ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠪᠡᠶ᠎ᠡ ᠶᠢᠨ ᠦᠨᠡᠮᠯᠡᠯ ︵ᠨᠡᠭᠦᠳᠡᠯ ᠬᠥᠮᠦᠨ ᠠᠮᠠ ᠶᠢᠨ ᠣᠷᠣᠰᠢᠨ ᠰᠠᠭᠤᠭ᠎ᠠ ᠪᠠᠶᠢᠳᠠᠯ ᠤᠨ ᠭᠡᠷᠡᠴᠢ ᠬᠠᠩᠭᠠᠬᠤ ᠴᠢᠬᠤᠯᠠᠲᠠᠶ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢᠨ ᠪᠦᠷᠢᠳᠬᠡᠯ ᠤᠨ ᠬᠦᠰᠦᠨᠦᠭᠲᠦ︾ ᠶᠢ ᠲᠠᠭᠯᠠᠬᠤ ᠬᠡᠷᠡᠭᠲᠡᠶ᠃    ᠠᠷᠠᠳ ᠤᠨ ᠬᠠᠪᠰᠤᠷᠤᠨ ᠰᠢᠭᠦᠭᠴᠢ ᠶᠢ ᠵᠣᠬᠢᠶᠠᠨ ᠪᠠᠶᠢᠭᠤᠯᠤᠨ ᠲᠠᠨᠢᠯᠴᠠᠭᠤᠯᠤᠨ ᠡᠭᠦᠷᠭᠡᠯᠡᠭᠦᠯᠪᠡᠯ᠂ ᠲᠠᠨᠢᠯᠴᠠᠭᠤᠯᠤᠭᠴᠢ ᠶᠢᠨ ᠪᠠᠶᠢᠭ᠎ᠠ ᠨᠢᠭᠡᠴᠡ᠂ ᠬᠠᠷᠢᠶ᠎ᠠ ᠰᠠᠭᠤᠭᠠᠯᠢ ᠠᠷᠠᠳ ᠤᠨ ᠵᠥᠪᠯᠡᠯ ᠪᠤᠶᠤ ᠲᠣᠰᠬᠤᠨ ᠤ ᠠᠷᠠᠳ ᠤᠨ ᠵᠥᠪᠯᠡᠯ᠂ ᠠᠷᠠᠳ ᠤᠨ ᠪᠦᠯᠬᠦᠮ ᠲᠣᠰ ᠬᠥᠮᠦᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ᠂ 2024 ᠣᠨ ᠤ 8 ᠰᠠᠷ᠎ᠠ ᠶᠢᠨ 20 ᠤ ᠡᠳᠦᠷ ᠠᠴᠠ ᠡᠮᠦᠨ᠎ᠡ ᠱᠠᠩᠳᠤ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠲᠠᠨᠢᠯᠴᠠᠭᠤᠯᠤᠭᠴᠢ ᠶᠢᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ︵ᠨᠡᠭᠦᠳᠡᠯ ᠬᠥᠮᠦᠨ ᠠᠮᠠ ᠶᠢᠨ ᠣᠷᠣᠰᠢᠨ ᠰᠠᠭᠤᠭ᠎ᠠ ᠪᠠᠶᠢᠳᠠᠯ ᠤᠨ ᠭᠡᠷᠡᠴᠢ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢᠨ ᠳᠡᠩᠰᠡᠯᠡᠯᠲᠡ ᠶᠢᠨ ᠬᠦᠰᠦᠨᠦᠭᠲᠦ︾ ᠶᠢ ᠲᠠᠭᠯᠠᠨ᠎ᠠ᠃    ︵ᠨᠢᠭᠡ︶ ᠬᠢᠷᠢ ᠭᠡᠮ ᠢ ᠬᠢᠨᠠᠨ ᠪᠠᠶᠢᠴᠠᠭᠠᠬᠤ    ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠱᠠᠩᠳᠤ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠢᠷᠢ ᠬᠡᠮ ᠢ ᠬᠢᠨᠠᠨ ᠪᠠᠶᠢᠴᠠᠭᠠᠨ᠎ᠠ᠃    ︵ᠬᠤᠶᠠᠷ︶ ᠲᠤᠮᠢᠯᠠᠬᠤ᠂ ᠲᠤᠮᠢᠯᠠᠯᠳᠠ    ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ ᠪᠠᠷ ᠳᠠᠮᠵᠢᠭᠰᠠᠨ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢ ᠱᠠᠩᠳᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠲᠣᠮᠢᠯᠠᠨ᠎ᠠ᠃    ᠲᠦᠷᠪᠡ᠂ ᠲᠤᠰᠢᠶᠠᠯ ᠳᠤ ᠭᠠᠷᠬᠤ ᠲᠠᠩᠭᠠᠷᠢᠭ    ᠠᠷᠠᠳ ᠤᠨ ᠬᠠᠪᠰᠤᠷᠤᠨ ᠰᠢᠭᠦᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠬᠤ ᠶᠢᠨ ᠬᠤᠷᠢᠶ᠎ᠠ ᠪᠠᠷ ᠲᠣᠮᠢᠯᠠᠭᠤᠯᠤᠭᠰᠠᠨ ᠤ ᠳᠠᠷᠠᠭ᠎ᠠ ᠢᠯᠡ ᠪᠠᠷ ᠲᠤᠰᠢᠶᠠᠯ ᠳᠤ ᠭᠠᠷᠬᠤ ᠲᠠᠩᠭᠠᠷᠢᠭ ᠬᠢᠬᠦ ᠬᠡᠷᠡᠭᠲᠡᠢ ᠠᠷᠠᠳ ᠤᠨ ᠬᠠᠪᠰᠤᠷᠤᠨ ᠰᠢᠭᠦᠭᠴᠢ ᠲᠠᠩᠭᠠᠷᠢᠭ ᠤᠨ ᠦᠭᠡ᠄ ᠪᠢ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ᠂ ᠪᠢ ᠲᠠᠩᠭᠠᠷᠢᠭᠯᠠᠶ᠎ᠠ᠄ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠦᠨᠡᠨᠴᠢ ᠰᠢᠳᠤᠷᠭᠤ ᠪᠠᠶᠢᠵᠤ᠂ ᠰᠢᠭᠦᠨ ᠲᠠᠰᠤᠯᠬᠤ ᠠᠵᠢᠯᠯᠠᠭ᠎ᠠ ᠳᠤ ᠬᠠᠤᠯᠢ ᠶᠣᠰᠣᠭᠠᠷ ᠣᠷᠣᠯᠴᠠᠵᠤ᠂ ᠰᠢᠭᠦᠨ ᠲᠠᠰᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠶ ᠪᠠᠶᠢᠵᠤ᠂ ᠲᠥᠪ ᠭᠤᠣᠯᠴᠢ ᠪᠠᠷ ᠮᠠᠭᠠᠳᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ︕    ᠠᠷᠠᠳ ᠤᠨ ᠬᠠᠪᠰᠤᠷᠤᠨ ᠰᠢᠭᠦᠭᠴᠢ ᠠᠷᠠᠳ ᠲᠦᠮᠡᠨ ᠢ ᠬᠠᠤᠯᠢ ᠶᠣᠰᠣᠭᠠᠷ ᠲᠥᠯᠥᠭᠡᠯᠡᠵᠦ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠠᠵᠢᠯᠯᠠᠭ᠎ᠠ ᠳᠤ ᠣᠷᠣᠯᠴᠠᠭᠤᠯᠬᠤ ᠶᠠᠪᠤᠳᠠᠯ ᠪᠣᠯ ᠠᠷᠠᠳ ᠲᠦᠮᠡᠨ ᠡᠷᠬᠡ ᠮᠡᠳᠡᠨ ᠡᠵᠡᠨ ᠰᠠᠭᠤᠬᠤ ᠡᠷᠬᠡ ᠶᠢᠨ ᠪᠣᠳᠠᠲᠠᠢ ᠢᠯᠡᠷᠡᠯ ᠪᠣᠯᠬᠤ ᠮᠥᠷᠲᠡᠭᠡᠨ ᠪᠠᠰᠠ ᠴᠤ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠨᠥᠬᠦᠴᠡᠯ ᠳᠤ ᠨᠡᠢᠴᠡᠭᠰᠡᠨ ᠠᠷᠠᠳ ᠢᠷᠭᠡᠨ ᠢᠳᠡᠪᠬᠢᠲᠡᠢ ᠪᠠᠷ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃    ᠬᠠᠷᠢᠯᠴᠠᠬᠤ ᠤᠲᠠᠰᠤ᠄ 0474-6917290    ᠣᠨᠴᠠᠭᠠᠶᠢᠯᠠᠨ ᠵᠠᠷᠯᠠᠪᠠ    ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ    ᠱᠠᠩᠳᠤ ᠰᠢᠶᠠᠨ ᠤ ᠠᠷᠠᠳ ᠤᠨ ᠰᠢᠭᠦᠬᠦ ᠬᠤᠷᠢᠶ᠎ᠠ    ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ    2024 ᠣᠨ ᠤ 5 ᠰᠠᠷ᠎ᠠ ᠶᠢᠨ 28 ᠤ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2