ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄ | ᠬᠤᠳᠠᠯᠳᠤᠭ᠎ᠠ ᠡᠷᠬᠢᠯᠡᠬᠦ ᠲᠣᠮᠣ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ︽ᠱᠠᠩᠳᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ | ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠱᠠᠩᠳᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ | ᠰᠢ ᠶᠢᠨ ᠫᠢᠩ ᠶᠡᠷᠦᠩᠬᠡᠶ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ | ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠴᠢᠨᠠᠷ ᠰᠠᠶᠢᠲᠠᠶ ᠬᠥᠭᠵᠢᠯᠲᠡ ᠲᠠᠢ ᠵᠣᠬᠢᠴᠠᠭᠰᠠᠨ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠨᠡᠨᠴᠢ | ᠰᠢᠳᠤᠷᠭᠤ᠂ ᠢᠲᠡᠭᠡᠮᠵᠢᠲᠡᠶ᠂ ᠲᠥᠪ ᠭᠤᠤᠯᠴᠢ᠂ ᠥᠪᠡᠷ ᠢ ᠪᠠᠨ ᠱᠠᠭᠠᠷᠳᠠᠬᠤ ᠢᠲᠡᠭᠡᠮᠵᠢ ᠶᠢᠨ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 2024 | ᠣᠨ ᠠᠴᠠ ᠡᠬᠢᠯᠡᠨ ᠪᠥᠬᠦ ᠰᠢᠶᠠᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ | ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠱᠠᠲᠤᠨ ᠤ ᠬᠡᠷᠡᠭᠵᠢᠭᠦᠯᠬᠦ ᠲᠥᠰᠦᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ | ᠵᠢᠴᠢ 2024 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠵᠤ᠂ ᠪᠥᠬᠦ | ᠨᠡᠶᠢᠭᠡᠮ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠬᠦ᠂ ᠨᠡᠶᠢᠭᠡᠮ ᠤᠨ ᠢᠲᠡᠭᠡᠮᠵᠢ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠢᠲᠡᠭᠡᠮᠵᠢ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠦᠨᠡᠨᠴᠢ ᠢᠲᠡᠭᠡᠮᠵᠢ ᠶᠢᠨ ᠬᠢᠷᠢ | ᠲᠦᠪᠰᠢᠨ ᠢᠶᠠᠷ ᠲᠤᠯᠭᠠᠭᠤᠷᠢᠯᠠᠯ ᠪᠣᠯᠭᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ | ᠨᠠᠮ ᠤᠨ ᠬᠤᠷᠢᠶ᠎ᠠ ᠶᠢᠨ ᠤᠳᠤᠷᠢᠳᠤᠯᠭ᠎ᠠ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ | ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠪᠥᠬᠦ | ᠲᠠᠯ᠎ᠠ ᠶᠢᠨ᠂ ᠪᠦᠬᠦᠨ ᠢ ᠬᠠᠮᠤᠷᠤᠭᠰᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ | ᠪᠠᠶᠢᠭᠤᠯᠵᠤ᠂ ᠪᠥᠬᠦ ᠨᠡᠶᠢᠭᠡᠮ ᠤᠨ ᠦᠨᠡᠨᠴᠢ ᠢᠲᠡᠭᠡᠮᠵᠢᠲᠡᠶ ᠪᠠᠶᠢᠬᠤ ᠶᠢ ᠬᠥᠲᠥᠯᠦᠨ ᠵᠢᠯᠣᠭᠤᠳᠴᠤ᠂ ︽ᠬᠤᠶᠠᠷ | ᠶᠡᠭᠡ ᠶᠠᠪᠤᠳᠠᠯ︾ ᠢ ᠰᠠᠶᠢᠲᠤᠷ ᠬᠢᠵᠦ᠂ ᠱᠠᠩᠳᠤ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠠᠶᠢᠨ | ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ | ᠬᠤᠶᠠᠷ᠂ ᠭᠤᠣᠯ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ | 1. ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠦᠨᠡᠨᠴᠢ ᠢᠲᠡᠭᠡᠮᠵᠢ ᠲᠠᠢ ᠵᠠᠰᠠᠭ ᠤᠨ ᠣᠷᠳᠣᠨ ᠢ ᠪᠠᠶᠢᠭᠤᠯᠬᠤ ᠶᠢᠨ ᠰᠠᠭᠤᠷᠢ ᠪᠣᠯᠭᠠᠵᠤ᠂ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠬᠠᠮᠢᠶᠠᠷᠬᠤ᠂ ᠦᠢᠯᠡᠴᠢᠯᠡᠬᠦ ᠪᠦᠬᠦ ᠶᠠᠪᠤᠴᠠ ᠳᠤ | ᠲᠤᠤᠱᠯᠠᠭᠤᠯᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨᠡᠬᠢ ᠬᠠᠤᠯᠢ ᠶᠣᠰᠣᠨ ᠤ | ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ ᠪᠠ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ | ᠪᠠᠶᠢᠴᠠᠭᠠᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ | ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠴᠢᠯᠥᠭᠡᠲᠦ ᠲᠠᠰᠤᠯᠤᠯᠲᠠ ᠶᠢᠨ ᠡᠷᠬᠡ ᠶᠢ ᠨᠠᠷᠢᠰᠬᠠᠵᠤ᠂ | ᠬᠡᠮᠵᠢᠶᠡᠵᠢᠭᠦᠯᠦᠨᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠬᠠᠷᠢᠭᠤᠴᠠᠯᠭ᠎ᠠ ᠶᠢᠨ ᠳᠦᠷᠢᠮ ᠢ ᠶᠡᠬᠡᠪᠡᠷ | ᠶᠠᠪᠤᠭᠤᠯᠵᠤ᠂ ᠠᠯᠳᠠᠭ᠎ᠠ ᠪᠤᠷᠤᠭᠤ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠣᠯᠤᠨ ᠬᠠᠤᠯᠢ ᠬᠡᠷᠡᠭᠵᠢᠭᠦᠯᠬᠦ | ᠦᠢᠯᠡ ᠠᠵᠢᠯᠯᠠᠭ᠎ᠠ ᠶᠢ ᠰᠢᠯᠭᠠᠨ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ | ᠨᠠᠶᠢᠳᠠᠪᠤᠷᠢᠵᠢᠭᠤᠯᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠬᠡᠬᠦ︾ ᠦᠢᠯᠡᠴᠢᠯᠡᠭᠡᠨ ᠤ ᠢᠵᠢ | ᠬᠤᠭᠤᠯᠠ ᠭᠠᠷᠭᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠢᠲᠡᠭᠡᠯ ᠢᠶᠠᠨ ᠠᠯᠳᠠᠭᠰᠠᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ | ᠵᠠᠰᠠᠭ ᠤᠨ ᠣᠷᠳᠣᠨ ᠰᠢᠭᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ | ᠭᠦᠢᠴᠡᠳᠬᠡᠬᠦ ᠴᠢᠳᠠᠪᠤᠷᠢ ᠲᠠᠢ᠂ ᠨᠥᠬᠦᠴᠡᠯ ᠲᠠᠢ ᠪᠣᠯᠪᠠᠴᠤ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ | ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠭᠤᠣᠯ ᠬᠠᠷᠢᠭᠤᠴᠠᠯᠭᠠᠲᠠᠨ ᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠨ᠎ᠠ᠃ | ᠵᠠᠰᠠᠭ ᠤᠨ ᠣᠷᠳᠣᠨ ᠤ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠ ᠲᠣᠭᠲᠠᠭᠰᠠᠨ | ᠡᠯ᠎ᠡ ᠲᠥᠷᠥᠯ ᠤᠨ ᠭᠡᠷ᠎ᠡ ᠶᠢᠨ ᠬᠡᠯᠡᠯᠴᠡᠭᠡᠷ ᠢ ᠭᠦᠢᠴᠡᠳᠬᠡᠭᠰᠡᠨ ᠪᠠ ᠪᠡᠶᠡᠯᠡᠭᠦᠯᠦᠭᠰᠡᠨ ᠪᠠᠶᠢᠳᠠᠯ ᠢ ᠵᠠᠰᠠᠭ ᠤᠨ | ᠣᠷᠳᠣᠨ ᠤ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ | ᠪᠡᠯᠡ ᠣᠷᠣᠭᠤᠯᠤᠭᠰᠠᠨ ᠠᠵᠤ ᠠᠬᠤᠶᠢᠯᠠᠯ ᠵᠢᠴᠢ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠲᠣᠭᠲᠠᠭᠠᠯ ᠶᠣᠰᠣᠭᠠᠷ ᠬᠠᠮᠠᠭᠠᠯᠠᠨ᠎ᠠ᠃ ᠨᠠᠮ ᠤᠨ ᠳᠣᠲᠣᠭᠠᠳᠤ ᠶᠢᠨ ᠰᠠᠬᠢᠯᠭ᠎ᠠ ᠪᠠᠲᠤ ᠶᠢᠨ ᠬᠢᠨᠠᠯᠲᠠ | ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠵᠠᠰᠠᠭ ᠤᠨ ᠣᠷᠳᠣᠨ ᠤ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠭᠦᠢᠴᠡᠳᠬᠡᠭᠰᠡᠨ | ᠬᠠᠤᠯᠢ ᠴᠠᠭᠠᠵᠠ ᠶᠢᠨ ᠬᠢᠨᠠᠯᠲᠠ ᠪᠠ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ | ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠤᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ᠂ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ︽ᠬᠤᠣᠰ ᠵᠠᠷᠯᠠᠯ︾ ᠤᠨ ᠠᠵᠢᠯ ᠢ ᠨᠡᠶᠢᠳᠡᠮ ᠪᠦᠷᠬᠦᠭᠦᠯᠬᠦ ᠶᠢ ᠲᠦᠯᠬᠢᠨ | ᠠᠬᠢᠭᠤᠯᠵᠤ᠂ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶ᠎ᠡ᠂ ᠵᠠᠰᠠᠭ ᠤᠨ | ᠣᠷᠳᠣᠨ ᠤ ᠰᠦᠯᠵᠢᠶ᠎ᠡ ᠪᠤᠶᠤ ᠪᠤᠰᠤᠳ ᠠᠷᠭ᠎ᠠ ᠵᠠᠮ ᠳᠤ ᠲᠦᠰᠢᠭᠯᠡᠨ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ | ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠲᠥᠯᠥᠪᠦᠷᠢ ᠥᠭᠬᠦ᠂ | ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ᠂ ᠵᠠᠰᠠᠭ ᠵᠠᠬᠢᠷᠭᠠᠨ ᠤ ᠱᠠᠩᠨᠠᠯ | ᠬᠥᠬᠢᠭᠦᠯᠦᠯ ᠥᠭᠬᠦ ᠪᠠ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠵᠡᠷᠭᠡ ᠪᠤᠰᠤᠳ ᠵᠠᠰᠠᠭ ᠵᠠᠬᠢᠷᠭᠠᠨ ᠤ | ᠠᠵᠢᠯᠯᠠᠭ᠎ᠠ ᠶᠢᠨ ᠮᠡᠳᠡᠭᠡ ᠵᠠᠩᠭᠢ ᠶᠢ 7 ᠠᠵᠢᠯᠯᠠᠬᠤ ᠡᠳᠦᠷ ᠤᠨ ᠳᠣᠲᠣᠷ᠎ᠠ ᠰᠦᠯᠵᠢᠶᠡᠨ ᠳᠡᠭᠡᠷ᠎ᠡ ᠢᠯᠡ ᠪᠣᠯᠭᠠᠬᠤ ᠶᠢ | ᠤᠯᠠᠮ ᠨᠢᠭᠡ ᠠᠯᠬᠤᠮ ᠰᠤᠳᠤᠯᠤᠨ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠪᠠ | ᠭᠦᠢᠴᠡᠳᠬᠡᠬᠦ ᠠᠵᠢᠯᠯᠠᠭ᠎ᠠ ᠶᠢᠨ ᠳᠤᠮᠳᠠ ᠢᠯᠡ ᠪᠣᠯᠭᠠᠬᠤ ᠶᠣᠰᠣᠲᠠᠶ ᠢᠲᠡᠭᠡᠯ ᠠᠯᠳᠠᠭᠰᠠᠨ ᠭᠦᠢᠴᠡᠳᠬᠡᠭᠳᠡᠭᠴᠢ᠂ | ᠬᠤᠳᠠᠯ ᠬᠠᠭᠤᠷᠮᠠᠭ ᠵᠠᠷᠭᠤ ᠶᠢᠨ ᠢᠲᠡᠭᠡᠯ ᠠᠯᠳᠠᠭᠰᠠᠨ ᠬᠥᠮᠥᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠣᠬᠢᠰᠲᠠᠶ | ᠠᠷᠭ᠎ᠠ ᠵᠠᠮ ᠢᠶᠠᠷ ᠳᠠᠮᠵᠢᠭᠤᠯᠤᠨ ᠢᠯᠡ ᠪᠣᠯᠭᠠᠬᠤ ᠶᠢ ᠲᠦᠯᠬᠢᠨ ᠠᠬᠢᠭᠤᠯᠵᠤ᠂ ︽ᠢᠯᠡ ᠪᠣᠯᠭᠠᠬᠤ ᠶᠣᠰᠣᠲᠠᠶ ᠶᠢ ᠨᠢ | ᠴᠥᠮ ᠢᠯᠡ ᠪᠣᠯᠭᠠᠬᠤ︾ ᠶᠢ ᠪᠡᠶᠡᠯᠡᠭᠦᠯᠦᠨ᠎ᠡ᠃ | 4. ︽ᠢᠲᠡᠭᠡᠮᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ | ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶᠡᠨ ᠳᠤ ︽ᠢᠲᠡᠭᠡᠮᠵᠢ ᠶᠢᠨ ᠳᠤᠲᠠᠭᠤ ᠶᠢ | ᠪᠠᠭᠲᠠᠭᠠᠬᠤ︾ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠢᠲᠡᠭᠡᠮᠵᠢ ᠶᠢᠨ ᠳᠤᠲᠠᠭᠤ ᠶᠢ ᠪᠠᠭᠲᠠᠭᠠᠬᠤ | ︾ ᠵᠠᠭᠪᠤᠷ ᠤᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠨ᠂ ᠬᠡᠰᠡᠭ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠨᠡᠶᠢᠭᠡᠮ ᠤᠨ ᠲᠦᠭᠰᠢᠭᠦᠷᠢ ᠶᠢ ᠶᠡᠷᠦᠩᠬᠡᠶ ᠳᠤᠨᠢ ᠡᠵᠡᠮᠳᠡᠵᠦ | ᠪᠣᠯᠬᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ | ᠳᠠᠮᠵᠢᠭᠤᠯᠤᠨ ᠵᠠᠯᠠᠷᠠᠭᠤᠯᠵᠤ ᠳᠡᠶᠢᠯᠬᠦ ᠵᠦᠢᠯᠡᠰ ᠢ ︽ᠢᠲᠡᠭᠡᠮᠵᠢ ᠶᠢᠨ ᠪᠤᠰᠤ ᠳᠤᠲᠠᠭᠤ ᠶᠢ ᠪᠠᠭᠲᠠᠭᠠᠬᠤ︾ ᠨᠠᠷᠢᠨ | ᠬᠠᠭᠤᠳᠠᠰᠤᠨ ᠳᠤ ᠣᠷᠣᠭᠤᠯᠵᠤ᠂ ︽ᠵᠠᠩᠭᠢᠯᠠᠭ᠎ᠠ ᠶᠢᠨ ᠪᠤᠰᠤ ᠮᠠᠲ᠋ᠧᠷᠢᠶᠠᠯ ᠤᠨ ᠳᠤᠲᠠᠭᠤ ᠶᠢ ᠨᠥᠬᠦᠪᠥᠷᠢᠯᠡᠬᠦ︾ | ᠠᠷᠭ᠎ᠠ ᠮᠠᠶ᠋ᠢᠭ ᠢᠶᠠᠷ ᠳᠠᠮᠵᠢᠭᠤᠯᠤᠨ ᠢᠲᠡᠭᠡᠮᠵᠢ ᠪᠠᠷ ᠰᠠᠶᠢᠨ ᠠᠵᠤ ᠠᠬᠤᠶᠢᠯᠠᠯ᠂ ᠣᠯᠠᠨ ᠲᠦᠮᠡᠨ ᠳᠤ ᠨᠠᠩ ᠲᠥᠬᠦᠮ | ᠂ ᠨᠠᠩ ᠲᠦᠷᠭᠡᠨ᠂ ᠨᠠᠩ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︽ | ᠢᠲᠡᠭᠡᠮᠵᠢ ᠶᠢᠨ ᠭᠤᠤᠯᠳᠠᠯᠭ᠎ᠠ ᠲᠠᠢ ᠬᠠᠪᠰᠤᠷᠤᠨ ᠭᠦᠢᠴᠡᠳᠭᠡᠬᠦ︾ ᠵᠠᠭᠪᠤᠷ ᠢ ᠬᠡᠷᠡᠭᠵᠢᠭᠦᠯᠵᠦ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠤᠭᠰᠠᠨ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠥᠨᠳᠥᠷ᠂ ᠢᠲᠡᠭᠡᠮᠵᠢ ᠶᠢᠨ ᠮᠡᠳᠡᠭᠡ | ᠵᠠᠩᠭᠢ ᠰᠠᠶᠢᠨ ᠪᠠ ᠠᠵᠢᠯ ᠣᠯᠭᠤᠯᠲᠠ ᠶᠢᠨ ᠨᠣᠷᠮ᠎ᠠ ᠥᠨᠳᠥᠷ ᠠᠵᠤ ᠠᠬᠤᠶᠢᠯᠠᠯ ᠳᠤ ᠴᠢᠭᠯᠡᠭᠦᠯᠦᠨ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠵᠤ | ᠬᠠᠮᠲᠤᠷᠠᠨ ᠬᠢᠨᠠᠬᠤ ᠭᠤᠤᠯᠳᠠᠯᠭ᠎ᠠ ᠲᠠᠢ ᠬᠠᠪᠰᠤᠷᠤᠨ ᠡᠷᠭᠢᠯᠡᠵᠦ᠂ ᠠᠵᠤ ᠠᠬᠤᠶᠢᠯᠠᠯ ᠤᠨ ᠣᠯᠠᠨ ᠲᠠᠯ᠎ᠠ ᠠᠴᠠ | ᠭᠦᠶᠦᠬᠦ᠂ ᠣᠯᠠᠨ ᠤᠳᠠᠭ᠎ᠠ ᠭᠦᠶᠦᠬᠦ ᠶᠢ ᠪᠠᠭᠠᠰᠬᠠᠪᠠ᠃ | 5. ᠴᠤᠭᠯᠠᠭᠤᠯᠤᠨ ᠨᠡᠶᠢᠯᠡᠭᠦᠯᠬᠦ ᠲᠠᠪᠴᠠᠩ ᠢ ᠡᠮᠬᠢᠯᠡᠨ ᠨᠡᠶᠢᠯᠡᠭᠦᠯᠦᠨ᠎ᠡ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ ᠵᠠᠰᠠᠭ ᠤᠨ ᠣᠷᠳᠣᠨ ᠤ ᠢᠲᠡᠭᠡᠮᠵᠢ | ᠠᠯᠳᠠᠭᠰᠠᠨ ᠵᠠᠭᠠᠯᠳᠤᠯᠭ᠎ᠠ ᠶᠢᠨ ᠴᠣᠩᠬᠤᠪᠴᠢ᠂ ᠭᠡᠷ᠎ᠡ ᠶᠢ ᠵᠥᠷᠢᠴᠡᠵᠦ ᠳᠤᠮᠳᠠ ᠵᠢᠵᠢᠭ ᠠᠵᠤ ᠠᠬᠤᠶᠢᠯᠠᠯ ᠤᠨ | ᠵᠣᠭᠤᠰ ᠤᠨ ᠵᠦᠢᠯ ᠤᠨ ᠳᠡᠩᠰᠡᠯᠡᠯᠲᠡ ︵ᠵᠠᠭᠠᠯᠳᠤᠯᠭ᠎ᠠ︶ ᠶᠢᠨ ᠲᠠᠪᠴᠠᠩ᠂ ︽ᠥᠪᠥᠷ ᠮᠣᠩᠭᠤᠯ ᠠᠵᠤ | ᠠᠬᠤᠶᠢᠯᠠᠯ ᠳᠤ ᠨᠡᠪᠲᠡᠷᠡᠬᠦ︾ ᠲᠠᠪᠴᠠᠩ ᠵᠡᠷᠭᠡ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠡᠬᠢ | ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠦᠨ᠎ᠡ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠮᠡᠳᠡᠭᠡ | ᠵᠠᠩᠭᠢ ᠶᠢᠨ ᠰᠢᠰᠲ᠋ᠧᠮ ᠬᠢᠭᠡᠳ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠭ᠎ᠠ | ᠪᠠᠷᠢᠮᠲᠠ ᠶᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠵᠤ᠂ ᠣᠯᠠᠨ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ | 6. ᠶᠡᠭᠡ ᠪᠠᠷ ᠵᠢᠭᠰᠠᠭᠠᠨ ᠪᠠᠶᠢᠴᠠᠭᠠᠵᠤ᠂ ᠶᠡᠭᠡ ᠪᠠᠷ ᠡᠬᠢᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠠᠮᠠᠯᠠᠯᠲᠠ ᠪᠠᠨ ᠪᠡᠶᠡᠯᠡᠭᠦᠯᠬᠦ ᠦᠭᠡᠢ᠂ ᠰᠢᠨ᠎ᠡ ᠳᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠦᠭᠡᠢ᠂ | ᠠᠮᠠᠯᠳᠠᠭᠰᠠᠨ ᠢ ᠬᠥᠩᠭᠡᠪᠴᠢᠯᠡᠬᠦ᠂ ᠬᠤᠳᠠᠯᠳᠤᠭᠠᠴᠢᠨ ᠢ ᠨᠢᠲᠤᠯᠵᠤ ᠬᠤᠳᠠᠯᠳᠤᠭᠠᠴᠢᠨ ᠢ ᠮᠡᠬᠡᠯᠡᠬᠦ᠂ ᠭᠡᠷ᠎ᠡ ᠶᠢ | ᠵᠥᠷᠢᠴᠡᠵᠦ ᠡᠪᠳᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠤ | ᠵᠣᠭᠤᠰ ᠵᠡᠷᠭᠡ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ᠂ | ᠲᠦᠢᠯᠪᠤᠷᠢᠲᠠᠢ ᠪᠠᠶᠢᠴᠠᠭᠠᠵᠤ᠂ ᠰᠢᠨ᠎ᠡ ᠪᠠᠷ ᠨᠡᠮᠡᠭᠳᠡᠭᠰᠡᠨ ᠥᠷᠢᠲᠦᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ ᠠᠵᠤ | ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ | ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠬᠦᠨᠳᠦ ᠨᠣᠴᠢᠲᠠᠶ ᠡᠪᠳᠡᠬᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠶᠢ ᠨᠥᠯᠥᠭᠡᠯᠡᠬᠦ ᠢᠲᠡᠭᠡᠯ ᠵᠣᠷᠢᠭ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ | ᠲᠣᠪᠤᠶᠢᠮ᠎ᠠ ᠠᠰᠠᠭᠤᠳᠠᠯ ᠳᠤ ᠨᠠᠷᠢᠨ ᠲᠠᠩᠰᠠ ᠵᠢᠭᠰᠠᠭᠠᠵᠤ᠂ ᠫᠠᠶᠢᠰᠠ ᠡᠯᠭᠦᠨ ᠰᠢᠮᠳᠠᠭᠤᠯᠤᠨ ᠭᠦᠶ᠋ᠴᠡᠳᠬᠡᠯᠭᠡᠵᠦ᠂ | ᠵᠦᠶ᠋ᠯ ᠳᠠᠷᠠᠭᠠᠯᠠᠨ ᠳ᠋ᠤᠭᠠᠷ ᠬᠠᠰᠤᠨ᠎ᠠ᠃ ᠬᠦᠨᠳᠦ ᠨᠣᠴᠢᠲᠠᠶ ᠢᠲᠡᠭᠡᠯ ᠠᠯᠳᠠᠭᠰᠠᠨ ᠨᠡᠶᠢᠲᠡᠯᠢᠭ ᠬᠡᠷᠡᠭ ᠤᠨ ᠭᠤᠤᠯ | ᠤᠷᠤᠰᠬᠠᠯ ᠤᠨ ᠵᠠᠭᠤᠴᠢᠯᠠᠭᠤᠷ ᠳᠡᠭᠡᠷ᠎ᠡ ᠢᠯᠡᠴᠢᠯᠡᠵᠦ᠂ ᠶᠠᠷᠢᠶ᠎ᠠ ᠬᠡᠯᠡᠯᠴᠡᠭᠡᠨ ᠤ ᠳᠠᠷᠤᠯᠲᠠ ᠶᠢ ᠴᠢᠩᠭᠠᠷᠠᠭᠤᠯᠤᠨ᠂ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠰᠠᠨ ᠵᠠᠯᠠᠷᠠᠭᠤᠯᠤᠨ᠎ᠠ᠃ | 7. ᠤᠷᠮᠠᠰᠢᠭᠤᠯᠤᠨ ᠵᠠᠯᠬᠠᠭᠠᠵᠤ ᠵᠠᠯᠬᠠᠭᠠᠨ ᠴᠡᠭᠡᠷᠯᠡᠭᠦᠯᠬᠦ ᠳᠦᠷᠢᠮ ᠢ ᠴᠢᠩᠭᠠᠷᠠᠭᠤᠯᠬᠤ ᠬᠡᠷᠡᠭᠲᠡᠶ᠃ | ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠪᠣᠳᠠᠲᠠᠶ ᠠᠷᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠢᠶᠠᠨ ᠠᠯᠳᠠᠭᠰᠠᠨ ᠲᠡᠮᠳᠡᠭᠯᠡᠯ ᠣᠷᠣᠰᠢᠵᠤ ᠪᠠᠶᠢᠭ᠎ᠠ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠢᠯᠢᠳᠡᠭ ᠪᠠ ᠲᠡᠷᠢᠭᠦᠨ ᠤ ᠰᠢᠯᠭᠠᠷᠠᠭᠤᠯᠤᠯᠲᠠ ᠳᠤ | ᠣᠷᠣᠯᠴᠠᠬᠤ ᠬᠢᠷᠢ ᠭᠡᠮ ᠢ ᠬᠠᠤᠯᠢ ᠪᠠ ᠲᠣᠭᠲᠠᠭᠠᠯ ᠶᠣᠰᠣᠭᠠᠷ ᠬᠦᠴᠦᠨ ᠦᠭᠡᠶ ᠪᠣᠯᠭᠠᠬᠤ ᠶᠢᠨ ᠬᠠᠮᠲᠤ᠂ | ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠳᠠᠯ ᠳᠤ ᠦᠨᠡᠯᠡᠯᠲᠡ | ᠬᠢᠬᠦ ᠶᠢ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢ ᠥᠭᠡᠷᠡᠴᠢᠯᠡᠯᠲᠡ ᠶᠢᠨ ᠲᠤᠷᠰᠢᠯᠲᠠ᠂ ᠲᠥᠷᠥᠯ ᠵᠦᠢᠯ ᠤᠨ | ᠪᠡᠯᠡ ᠣᠷᠣᠭᠤᠯᠤᠯᠲᠠ᠂ ᠨᠡᠶᠢᠭᠡᠮ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠦᠷᠢᠶ᠎ᠡ ᠴᠠᠷᠠᠭ᠎ᠠ ᠪᠠ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ | ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠠᠮᠠᠷᠬᠠᠨ ᠡᠭᠦᠰᠬᠦ ᠣᠯᠠᠨ ᠡᠭᠦᠰᠬᠦ ᠬᠦᠷᠢᠶ᠎ᠡ ᠴᠠᠷᠠᠭ᠎ᠠ ᠶᠢ ᠭᠤᠤᠯᠳᠠᠯᠭ᠎ᠠ ᠲᠠᠢ | ᠵᠠᠰᠠᠨ᠎ᠠ᠃ ᠠᠯᠪᠠᠨ ᠲᠤᠰᠢᠶᠠᠯᠲᠠᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠲᠣᠳᠣᠷᠬᠠᠶᠢᠯᠠᠵᠤ᠂ ᠦᠨᠡᠨᠴᠢ | ᠢᠲᠡᠭᠡᠮᠵᠢ ᠶᠢᠨ ᠲᠡᠮᠳᠡᠭᠯᠡᠯ ᠪᠠ ᠬᠠᠮᠢᠶ᠎ᠠ ᠪᠦᠬᠦᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠠᠯᠪᠠᠨ | ᠲᠤᠰᠢᠶᠠᠯᠲᠠᠨ ᠢ ᠬᠥᠬᠢᠭᠦᠯᠦᠨ ᠱᠠᠩᠨᠠᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠡᠯ᠎ᠡ ᠲᠥᠷᠥᠯ ᠤᠨ ᠰᠢᠯᠢᠳᠡᠭ | ᠲᠡᠷᠢᠭᠦᠨ ᠤ ᠬᠢ ᠶᠢ ᠰᠢᠯᠭᠠᠷᠠᠭᠤᠯᠵᠤ ᠬᠥᠬᠢᠭᠦᠯᠦᠨ ᠱᠠᠩᠨᠠᠬᠤ ᠶᠢᠨ ᠴᠢᠬᠤᠯᠠ ᠰᠢᠯᠭᠠᠷᠠᠭᠤᠯᠬᠤ ᠨᠥᠬᠦᠴᠡᠯ ᠪᠣᠯᠭᠠᠨ᠎ᠠ᠃ | | 8. ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ ᠡᠯ᠎ᠡ ᠨᠠᠮ ᠵᠠᠰᠠᠭ ᠤᠨ ᠪᠠᠶᠢᠭᠤᠯᠭ᠎ᠠ ᠵᠢᠴᠢ | ᠲᠡᠭᠦᠨ ᠤ ᠠᠵᠢᠯᠲᠠᠳ ᠲᠤᠰ ᠪᠡᠶ᠎ᠡ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ | ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠵᠦ᠂ ᠲᠦᠷᠢ ᠲᠥᠷᠬᠦ ᠶᠢ | ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠪᠤᠶᠢᠵᠢᠭᠤᠯᠤᠨ | ᠪᠠᠳᠠᠷᠠᠭᠤᠯᠵᠤ᠂ ᠬᠠᠤᠯᠢ ᠶᠢ ᠰᠠᠬᠢᠵᠤ ᠭᠡᠷ᠎ᠡ ᠪᠠᠨ ᠭᠦᠢᠴᠡᠳᠬᠡᠬᠦ ᠤᠬᠠᠮᠰᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠪᠠ ᠨᠠᠮ ᠤᠨ ᠰᠤᠷᠭᠠᠭᠤᠯᠢ ᠶᠢᠨ | ᠪᠣᠯᠪᠠᠰᠤᠷᠠᠭᠤᠯᠤᠯ ᠤᠨ ᠬᠢᠴᠢᠶᠡᠯ ᠳᠤ ᠣᠷᠣᠭᠤᠯᠤᠨ᠎ᠠ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ | ᠳᠠᠩᠰᠠ ᠡᠪᠬᠡᠮᠡᠯ ᠢ ᠪᠠᠶᠢᠭᠤᠯᠵᠤ᠂ ᠠᠯᠪᠠᠨ ᠲᠤᠰᠢᠶᠠᠯᠲᠠᠨ ᠢ ᠡᠯᠰᠡᠨ ᠬᠡᠷᠡᠭᠯᠡᠬᠦ᠂ ᠰᠢᠯᠭᠠᠨ ᠬᠢᠨᠠᠬᠤ᠂ ᠲᠣᠮᠢᠯᠠᠨ | ᠬᠡᠷᠡᠭᠯᠡᠬᠦ ᠵᠡᠷᠭᠡ ᠲᠠᠯ᠎ᠠ ᠶᠢᠨ ᠢᠲᠡᠭᠡᠮᠵᠢ ᠶᠢ ᠬᠢᠨᠠᠨ ᠪᠠᠶᠢᠴᠠᠭᠠᠬᠤ ᠶᠢᠨ ᠬᠠᠮᠲᠤ ᠴᠢᠬᠤᠯᠠ ᠦᠨᠳᠦᠰᠦᠯᠡᠯ ᠪᠣᠯᠭᠠᠬᠤ | ᠬᠡᠷᠡᠭᠲᠡᠶ᠃ | ︵ᠬᠤᠶᠠᠷ︶ ᠬᠤᠳᠠᠯᠳᠣᠭᠠᠨ ᠤ ᠶᠠᠪᠤᠳᠡᠯ ᠤᠨ ᠦᠨᠡᠨᠴᠢ ᠢᠳᠡᠭᠡᠮᠵᠢ ᠶᠢᠨ ᠪᠠᠶᠢᠭᠤᠯᠥᠯᠳᠡ ᠶᠢ ᠳᠡᠭᠡᠭᠰᠢᠯᠡᠬᠦᠯᠬᠦ | ᠠᠵᠢᠯᠯᠠᠭ᠎ᠠ ᠶᠢ ᠭᠡᠷᠡᠭᠵᠢᠬᠦᠯᠦᠨ᠎ᠡ | 9. ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠶ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠭᠠᠷᠴᠠᠭ ︵2024 ᠣᠨ ᠤ ᠬᠡᠪᠯᠡᠯ︶︾ ᠢ ᠭᠦᠢᠴᠡᠳ ᠠᠰᠢᠭᠯᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡ ᠯᠡ | ᠥᠷᠲᠡᠭᠡᠨ ᠤ ᠮᠠᠶ᠋ᠢᠭ ᠢᠶᠠᠷ ᠪᠠᠶᠢᠴᠠᠭᠠᠨ ᠯᠠᠪᠯᠠᠬᠤ᠂ ᠨᠢᠭᠡ ᠴᠣᠭᠴᠠᠵᠢᠭᠤᠯᠤᠨ ᠬᠡᠷᠡᠭᠯᠡᠬᠦ ᠶᠢ ᠥᠷᠨᠢᠭᠦᠯᠵᠦ᠂ | ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠳᠤ ︽ᠬᠠᠤᠯᠢ ᠲᠣᠭᠲᠠᠭᠠᠯ ᠠᠴᠠ ᠵᠥᠷᠢᠴᠡᠭᠰᠡᠨ ᠭᠡᠷᠡᠴᠢ ᠦᠭᠡᠢ | ︾ ᠶᠢ ᠣᠷᠣᠯᠠᠭᠤᠯᠬᠤ ᠶᠢ ᠠᠬᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠮᠯᠡᠯ ᠭᠦᠢᠴᠡᠳᠭᠡᠬᠦ ᠳᠤ | ᠣᠯᠠᠨ᠂ ᠠᠵᠢᠯ ᠶᠠᠪᠤᠳᠠᠯ ᠭᠦᠢᠴᠡᠳᠭᠡᠬᠦ ᠳᠤ ᠬᠦᠴᠢᠷᠲᠡᠶ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | 10᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠭᠦᠢᠴᠡᠳ ᠬᠡᠷᠡᠭᠯᠡᠨ᠎ᠡ᠃ ︽ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠢ ᠠᠰᠢᠭᠯᠠᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠷᠡᠭᠦᠯ ᠪᠤᠰᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠷ᠎ᠠ ᠲᠠᠩᠰᠠ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ | ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ | ᠲᠦᠷᠢᠮ ᠢ ᠲᠡᠭᠦᠯᠳᠡᠷᠵᠢᠭᠦᠯᠦᠨ᠎ᠡ᠃ ᠡᠷᠳᠡᠮ ᠰᠢᠨᠵᠢᠯᠡᠭᠡᠨ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ | ᠬᠠᠮᠠᠭᠠᠯᠠᠯᠲᠠ᠂ ᠶᠠᠰᠤ ᠴᠢᠨᠠᠷ ᠪᠣᠯᠣᠨ ᠨᠡᠷᠡᠲᠦ ᠲᠡᠮᠲᠡᠭᠲᠦ᠂ ᠠᠶᠤᠯ ᠦᠭᠡᠢ ᠦᠢᠯᠡᠳᠪᠦᠷᠢᠯᠡᠯ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠭᠠᠶᠢᠯᠢ᠂ ᠬᠡᠷᠡᠭᠯᠡᠭᠡ᠂ ᠮᠦᠩᠭᠦᠨ ᠭᠦᠢᠯᠭᠡᠭᠡ᠂ ᠭᠠᠳᠠᠭᠠᠲᠤ ᠠᠴᠠ | ᠣᠷᠤᠭᠤᠯᠵᠤ ᠭᠠᠳᠠᠭᠠᠲᠤ ᠳᠤ ᠭᠠᠷᠭᠠᠬᠤ ᠠᠷᠠᠯᠵᠢᠶ᠎ᠠ᠂ ᠭᠡᠷ ᠠᠬᠤᠢ ᠶᠢᠨ ᠦᠢᠯᠡᠴᠢᠯᠡᠭᠡ᠂ ᠬᠦᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ᠂ ᠰᠣᠶᠣᠯ ᠵᠢᠭᠤᠯᠴᠢᠯᠠᠯ ᠵᠡᠷᠭᠡ ᠠᠵᠢᠯ ᠲᠦᠷᠦᠯ ᠤᠨ ᠬᠦᠷᠢᠶᠡᠨ ᠳᠠᠬᠢ | ᠢᠲᠡᠭᠡᠮᠵᠢ ᠶᠢᠨ ᠦᠨᠡᠯᠡᠯᠲᠡ ᠶᠢ ᠦᠷᠨᠢᠭᠦᠯᠵᠦ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠤᠯᠢ ᠲᠣᠭᠲᠠᠭᠠᠯ | ᠶᠣᠰᠤᠭᠠᠷ ᠮᠠᠭᠠᠳᠯᠠᠨ ᠲᠣᠭᠲᠠᠭᠠᠬᠤ ᠪᠠ ᠨᠡᠶᠢᠲᠡᠯᠡᠵᠦ᠂ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | 11. ᠭᠤᠤᠯᠳᠠᠯᠭ᠎ᠠ ᠲᠠᠢ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ | ᠠᠳᠬᠤᠨ᠎ᠠ᠃ ᠬᠤᠳᠠᠯᠳᠤᠭᠠᠨ ᠤ ᠮᠡᠬᠡᠯᠡᠯ ᠬᠢᠬᠦ᠂ ᠭᠡᠷ᠎ᠡ ᠨᠢ ᠭᠡᠷ᠎ᠡ ᠠᠴᠠ ᠵᠥᠷᠢᠴᠡᠭᠰᠡᠨ᠂ ᠳᠠᠩᠰᠠᠨ ᠵᠣᠭᠤᠰ ᠢ | ᠥᠷᠢᠲᠦᠭᠰᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠲᠠᠸᠠᠷ | ᠦᠢᠯᠡᠳᠦᠨ ᠪᠣᠷᠣᠯᠠᠭᠤᠯᠬᠤ᠂ ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ᠂ | ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠬᠤ᠂ ᠲᠥᠷᠥᠯ ᠵᠦᠢᠯ ᠤᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ | ᠢᠲᠡᠭᠡᠯ ᠠᠯᠳᠠᠭᠰᠠᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠥᠷᠨᠢᠭᠦᠯᠵᠦ᠂ ᠲᠥᠪ ᠭᠤᠣᠯᠴᠢ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ᠂ | ᠠᠶᠤᠯ ᠥᠬᠡᠶ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠬᠤ | ᠮᠡᠷᠭᠡᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | 12 ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠶ᠃ ︽ᠪᠦᠬᠦ ᠤᠯᠤᠰ ᠤᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ | ᠨᠠᠷᠢᠨ ᠬᠠᠭᠤᠳᠠᠰᠤ︾ ᠪᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠨᠠᠷᠢᠨ ᠬᠠᠭᠤᠳᠠᠰᠤ ᠶᠢᠨ ᠭᠠᠷᠴᠠᠭ ᠵᠢᠴᠢ | ᠠᠵᠢᠯ ᠲᠥᠷᠥᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠶᠣᠰᠣᠭᠠᠷ ᠲᠣᠭᠲᠠᠭᠠᠭᠰᠠᠨ ᠢᠲᠡᠭᠡᠮᠵᠢ ᠶᠢᠨ | ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠬᠤ ᠡᠲᠡᠭᠡᠳ ᠤᠨ ᠭᠠᠷᠴᠠᠭ︾ ᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ | ᠬᠡᠮᠵᠢᠶ᠎ᠡ ᠶᠢᠨ ᠨᠠᠷᠢᠨ ᠬᠠᠭᠤᠳᠠᠰᠤ︾ ᠶᠢ ᠰᠠᠶᠢᠲᠤᠷ ᠬᠡᠷᠡᠭᠯᠡᠵᠦ᠂ ᠬᠤᠯᠪᠣᠭᠠᠯᠠᠨ ᠤᠷᠮᠠᠰᠢᠭᠤᠯᠬᠤ ᠪᠠ ᠢᠲᠡᠭᠡᠮᠵᠢ | ᠠᠯᠳᠠᠭᠰᠠᠳ ᠢ ᠬᠢᠵᠠᠭᠠᠷᠯᠠᠬᠤ ᠶᠢ ᠡᠭᠦᠰᠭᠡᠬᠦ᠂ ᠳᠠᠭᠠᠬᠤ᠂ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠢᠲᠡᠭᠡᠯ ᠠᠯᠳᠠᠭᠰᠠᠨ ᠭᠤᠤᠯ ᠴᠣᠭᠴᠠ ᠳᠤ ᠪᠠᠭᠲᠠᠭᠠᠭᠰᠠᠨ ᠪᠣᠯᠪᠠᠴᠤ ᠵᠠᠬ᠎ᠠ ᠳᠡᠯᠭᠡᠭᠦᠷ ᠲᠤ | ᠣᠷᠣᠬᠤ ᠶᠢ ᠬᠢᠵᠠᠭᠠᠷᠯᠠᠬᠤ ᠶᠢ ᠬᠢᠵᠠᠭᠠᠷᠯᠠᠬᠤ ᠦᠭᠡᠢ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ | ᠭᠤᠶᠤᠴᠢᠯᠠᠬᠤ ᠶᠢ ᠬᠢᠵᠠᠭᠠᠷᠯᠠᠬᠤ ᠵᠢᠴᠢ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠵᠡᠷᠭᠡ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠤᠨ᠎ᠠ᠃ | 13᠂ ᠢᠲᠡᠭᠡᠮᠵᠢᠲᠦ ᠪᠡᠯᠡ ᠲᠣᠬᠢᠷᠠᠭᠤᠯᠭ᠎ᠠ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠳᠤ ᠬᠦᠴᠦᠨ | ᠨᠡᠮᠡᠷᠢᠯᠡᠬᠦ ᠶᠢ ᠠᠬᠢᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠪᠠᠯᠠ ᠲᠣᠬᠢᠷᠠᠭᠤᠯᠭ᠎ᠠ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠪᠠᠷ ᠭᠥᠷᠳᠡᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠬᠡᠪᠴᠢᠶ᠎ᠡ ᠶᠢ ᠥᠷᠭᠡᠳᠬᠡᠨ᠂ | ᠪᠠᠯᠠ ᠲᠣᠬᠢᠷᠠᠭᠤᠯᠭ᠎ᠠ ᠶᠢᠨ ᠮᠡᠳᠡᠭᠡ ᠵᠠᠩᠭᠢ ᠶᠢᠨ ᠲᠡᠭᠰᠢ ᠬᠡᠮ ᠥᠬᠡᠶ᠂ ᠨᠠᠷᠢᠯᠢᠭ ᠣᠨᠣᠴᠠᠲᠠᠶ ᠪᠤᠰᠤ ᠪᠠᠶᠢᠬᠤ | ᠠᠰᠠᠭᠤᠳᠠᠯ ᠢ ᠰᠢᠢᠳᠪᠦᠷᠢᠯᠡᠨ᠎ᠡ᠃ ᠪᠡᠯᠡ ᠲᠣᠬᠢᠷᠠᠭᠤᠯᠬᠤ ᠬᠡᠷᠡᠭᠴᠡᠭᠡ ᠪᠦᠬᠦᠢ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠢᠲᠡᠭᠡᠮᠵᠢ ᠶᠢᠨ ᠪᠡᠯᠡ ᠲᠣᠬᠢᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ | ᠳᠠᠩᠰᠠᠯᠠᠭᠤᠯᠬᠤ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠲᠠᠪᠴᠠᠩ ᠤᠨ ᠮᠡᠳᠡᠭᠡ | ᠵᠠᠩᠭᠢ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠮᠥᠩᠭᠦᠨ ᠭᠦᠢᠯᠭᠡᠭᠡᠨ ᠤ ᠨᠡᠷᠡᠳᠬᠦᠨ ᠢ ᠣᠯᠠᠨ ᠲᠠᠯ᠎ᠠ ᠠᠴᠠ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠳᠤ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠬᠠᠩᠭᠠᠬᠤ ᠬᠡᠷᠡᠭᠲᠡᠶ᠃ | 14. ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠢᠲᠡᠭᠡᠮᠵᠢ ᠶᠢ ᠰᠡᠷᠭᠦᠭᠡᠬᠦ | ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠡᠷᠭᠦᠭᠡᠬᠦ | ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠬᠥᠮᠦᠵᠢᠯ᠂ | ᠲᠥᠪᠯᠡᠷᠡᠭᠦᠯᠦᠨ ᠰᠠᠨᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠥᠷᠨᠢᠭᠦᠯᠵᠦ᠂ ᠲᠡᠳᠡᠨ ᠢ | ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ | ᠰᠠᠶᠢᠲᠤᠷ ᠠᠳᠬᠤᠨ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠦᠷᠭᠦᠯᠵᠢᠯᠡᠨ | ᠪᠠᠭᠠᠰᠬᠠᠵᠤ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠎ᠠ᠃ ᠢᠲᠡᠭᠡᠯ | ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠲᠣᠭᠲᠠᠭᠰᠠᠨ ᠬᠤᠭᠤᠴᠠᠭᠠᠨ ᠳᠣᠲᠣᠷ᠎ᠠ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠮᠠᠭᠤ ᠨᠥᠯᠥᠭᠡ ᠶᠢ ᠠᠷᠢᠯᠭᠠᠭᠰᠠᠨ ᠪᠠᠶᠢᠪᠠᠯ᠂ ᠢᠲᠡᠭᠡᠮᠵᠢ ᠶᠢᠨ | ᠠᠮᠠᠯᠠᠯᠲᠠ ᠬᠢᠬᠦ᠂ ᠢᠲᠡᠭᠡᠮᠵᠢ ᠶᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ᠂ ᠢᠲᠡᠭᠡᠮᠵᠢ ᠶᠢ ᠬᠢᠨᠠᠨ ᠪᠠᠶᠢᠴᠠᠭᠠᠬᠤ | ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠦᠷᠲᠡᠬᠦ᠂ ᠢᠲᠡᠭᠡᠮᠵᠢ ᠶᠢᠨ ᠮᠡᠳᠡᠭᠦᠯᠦᠯᠲᠡ ᠲᠤᠰᠢᠶᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠢᠲᠡᠭᠡᠮᠵᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠰᠡᠷᠭᠦᠭᠡᠵᠦ ᠳᠠᠭᠤᠰᠤᠭᠰᠠᠨ ᠤ | ᠳᠠᠷᠠᠭ᠎ᠠ᠂ ᠢᠲᠡᠭᠡᠮᠵᠢ ᠶᠢ ᠰᠡᠷᠭᠦᠭᠡᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠪᠠ ᠢᠲᠡᠭᠡᠮᠵᠢ ᠶᠢᠨ ᠣᠨᠳᠣᠤ ᠰᠠᠨᠠᠯ ᠤᠨ | ᠲᠤᠭ᠎ᠠ ᠬᠡᠮᠵᠢᠶ᠎ᠡ ᠳᠤ ᠦᠨᠡᠯᠡᠨ ᠵᠢᠱᠢᠯᠲᠡ ᠬᠢᠬᠦ ᠶᠢᠨ ᠬᠠᠮᠲᠤ᠂ ᠲᠠᠰ ᠳᠠᠷᠠᠭᠠᠯᠠᠯ ᠶᠣᠰᠣᠭᠠᠷ ᠲᠡᠭᠦᠨ ᠤ ᠢᠲᠡᠭᠡᠯ | ᠠᠯᠳᠠᠭᠰᠠᠨ ᠲᠡᠮᠳᠡᠭᠯᠡᠯ ᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠵᠣᠭᠰᠣᠭᠠᠨ᠎ᠠ᠃ | 15. ᠦᠨᠡᠨᠴᠢ ᠢᠲᠡᠭᠡᠮᠵᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ︽ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠶᠢ ᠬᠥᠭᠵᠢᠭᠦᠯᠬᠦ | ᠤᠬᠠᠭᠤᠯᠭ᠎ᠠ ᠶᠢᠨ ᠰᠠᠷ᠎ᠠ︾᠂ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠫᠣᠷᠲ᠋ᠧᠯ ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ | ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ᠶᠢᠨ ᠬᠢᠨ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ | ᠬᠥᠭᠵᠢᠭᠦᠯᠬᠦ ᠰᠣᠶᠣᠯ ᠢᠷᠭᠡᠨᠰᠢᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ᠃ | ︵ᠭᠤᠷᠪᠠ︶ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ | 16. ᠢᠲᠡᠭᠡᠮᠵᠢ ᠠᠯᠳᠠᠭᠰᠠᠨ ᠲᠣᠪᠤᠶᠢᠮ᠎ᠠ ᠠᠰᠠᠭᠤᠳᠠᠯ ᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ | ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ ᠪᠠ ᠠᠵᠢᠯᠲᠠᠨ ᠤ ᠶᠠᠪᠤᠳᠠᠯ ᠤᠨ | ᠴᠢᠳᠠᠪᠤᠷᠢᠲᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠢ | ᠠᠬᠤᠶ ᠶᠢᠨ ᠣᠷᠴᠢᠨ ᠲᠣᠭᠤᠷᠢᠨ᠂ ᠰᠣᠶᠣᠯ ᠵᠢᠭᠤᠯᠴᠢᠯᠠᠯ᠂ ᠢᠨᠲ᠋ᠧᠷ ᠰᠦᠯᠵᠢᠶ᠎ᠡ᠂ ᠴᠠᠬᠢᠯᠭᠠᠨ ᠬᠤᠯᠪᠣᠭ᠎ᠠ ᠵᠡᠷᠭᠡ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠠᠶᠢᠳᠠᠯ ᠢᠶᠠᠨ ᠬᠢᠨᠠᠮᠠᠭᠠᠶ | ᠪᠠᠶᠢᠴᠠᠭᠠᠨ ᠦᠵᠡᠵᠦ᠂ ᠬᠠᠮᠢᠶᠠᠷᠤᠯᠲᠠ ᠦᠢᠯᠡᠴᠢᠯᠡᠭᠡ ᠬᠦᠷᠲᠡᠬᠦ ᠡᠲᠡᠭᠡᠳ ᠤᠨ ᠢᠲᠡᠭᠡᠮᠵᠢ ᠠᠯᠳᠠᠭᠰᠠᠨ ᠲᠣᠪᠤᠶᠢᠮ᠎ᠠ | ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠲᠣᠰ ᠲᠣᠰ ᠤᠨ ᠡᠭᠦᠳᠡ ᠡᠷᠦᠬᠡ ᠰᠦᠯᠵᠢᠶᠡᠨ ᠥᠷᠲᠡᠭᠡ ᠪᠠ ᠰᠢᠨ᠎ᠡ | ᠵᠠᠭᠤᠴᠢᠯᠠᠭᠤᠷ ᠤᠨ ᠲᠠᠪᠴᠠᠩ ᠳᠤ ᠡᠯ᠎ᠡ ᠲᠥᠷᠥᠯ ᠤᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠬᠠᠷ᠎ᠠ ᠵᠠᠭᠤᠴᠢ ᠪᠠ ᠨᠢᠭᠤᠴᠠ ᠰᠢᠯᠭᠠᠨ ᠬᠥᠮᠥᠵᠢᠭᠦᠯᠦᠭᠰᠡᠨ ᠪᠠᠶᠢᠬᠤ᠂ ᠬᠡᠲᠦᠷᠡᠲᠡᠯ᠎ᠡ ᠣᠨᠣᠰᠢᠯᠠᠨ | ᠡᠮᠨᠡᠬᠦ᠂ ᠬᠢᠨᠠᠨ ᠲᠣᠭᠲᠠᠭᠠᠵᠤ ᠭᠡᠮ ᠬᠢᠬᠦ᠂ ᠠᠶᠠᠨᠴᠢᠳ ᠢ ᠮᠡᠬᠡᠯᠡᠨ ᠬᠠᠭᠤᠷᠬᠤ ᠵᠡᠷᠭᠡ ᠢᠲᠡᠭᠡᠮᠵᠢ ᠠᠯᠳᠠᠭᠰᠠᠨ | ᠲᠣᠪᠤᠶᠢᠮ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠭᠦᠯᠵᠢᠯᠡᠨ ᠨᠡᠶᠢᠲᠡᠯᠡᠵᠦ᠂ | ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠨᠡᠷᠡᠰ ᠢ | ᠨᠡᠶᠢᠲᠡᠯᠡᠵᠦ᠂ ᠰᠣᠨᠢᠨ ᠮᠡᠳᠡᠭᠡᠨ ᠤ ᠵᠠᠭᠤᠴᠢᠯᠠᠭᠤᠷ ᠬᠠᠮᠵᠢᠯᠴᠠᠨ ᠨᠡᠶᠢᠲᠡᠯᠡᠬᠦ ᠬᠡᠷᠡᠭᠲᠡᠢ᠃ | 17. ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢ | ᠢᠲᠡᠭᠡᠯ ᠠᠯᠳᠠᠭᠰᠠᠨ ︽ᠬᠠᠷ᠎ᠠ ᠳᠠᠩᠰᠠ︾ ᠳᠤ ᠵᠢᠭᠰᠠᠭᠠᠨ ᠣᠷᠣᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠴᠠᠭ ᠲᠤᠬᠠᠶ ᠳᠤᠨᠢ ᠢᠯᠡ ᠪᠠᠷ ᠨᠡᠶᠢᠲᠡᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠵᠢᠭᠡᠯᠡᠯᠭᠡ ᠶᠢᠨ ᠬᠦᠦ ᠶᠢᠨ ᠨᠣᠷᠮ᠎ᠠ ᠪᠠ ᠡᠳ᠋ ᠬᠥᠷᠥᠩᠭᠡ ᠶᠢᠨ ᠳᠠᠭᠠᠳᠬᠠᠯ ᠤᠨ | ᠵᠠᠷᠤᠳᠠᠯ ᠤᠨ ᠨᠣᠷᠮ᠎ᠠ ᠶᠢ ᠳᠡᠭᠡᠭᠰᠢᠯᠡᠭᠦᠯᠬᠦ᠂ ᠲᠡᠳᠡᠨ ᠳᠤ ᠵᠢᠭᠡᠯᠡᠯᠭᠡ᠂ ᠪᠠᠲᠤᠯᠠᠨ ᠲᠠᠨᠢᠯᠴᠠᠭᠤᠯᠬᠤ᠂ ᠳᠠᠭᠠᠭᠠᠴᠢᠯᠠᠨ | ᠪᠣᠷᠣᠯᠠᠭᠤᠯᠬᠤ᠂ ᠳᠠᠭᠠᠳᠬᠠᠯ ᠶᠠᠪᠤᠭᠤᠯᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠬᠠᠩᠭᠠᠬᠤ ᠶᠢᠨ ᠬᠠᠮᠲᠤ | ᠭᠤᠤᠯᠳᠠᠯᠭ᠎ᠠ ᠲᠠᠢ ᠪᠣᠯᠵᠣᠨ ᠶᠠᠷᠢᠯᠴᠠᠬᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠠᠷᠠᠭᠤᠯᠬᠤ᠂ | ᠢᠲᠡᠭᠡᠮᠵᠢ ᠶᠢ ᠰᠡᠷᠭᠦᠭᠡᠬᠦ᠂ ᠡᠪᠰᠡᠬᠦ ᠬᠡᠯᠡᠯᠴᠡᠭᠡᠷ ᠲᠣᠭᠲᠠᠬᠤ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠣᠭᠲᠠᠬᠤ᠂ | ᠬᠢᠨᠠᠯᠲᠠ ᠬᠠᠮᠢᠶᠠᠷᠤᠯᠲᠠ ᠶᠢᠨ ᠰᠠᠨᠠᠭᠤᠯᠤᠮᠵᠢ ᠶᠢᠨ ᠪᠢᠴᠢᠭ ᠬᠦᠷᠭᠡᠬᠦ ᠵᠡᠷᠭᠡ ᠠᠷᠭ᠎ᠠ ᠬᠡᠮᠵᠢᠶ᠎ᠡ ᠠᠪᠴᠤ ᠶᠡᠷᠦᠩᠬᠡᠶᠢᠯᠡᠨ | ᠵᠠᠰᠠᠨ᠎ᠠ︔ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠬᠤᠪᠢ ᠬᠥᠮᠦᠨ ᠳᠤ᠂ | ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠡᠯ᠎ᠡ ᠲᠥᠷᠥᠯ ᠤᠨ ᠥᠨᠳᠥᠷ ᠬᠡᠷᠡᠭᠯᠡᠭᠡ ᠬᠢᠬᠦ ᠵᠡᠷᠭᠡ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 18. ᠢᠲᠡᠭᠡᠮᠵᠢ ᠠᠯᠳᠠᠭᠰᠠᠨ ᠲᠤᠰᠬᠠᠶ ᠵᠠᠰᠠᠯᠲᠠ ᠶᠢ ᠥᠷᠨᠢᠭᠦᠯᠦᠨ᠎ᠡ᠃ ᠣᠶᠢᠷ᠎ᠠ ᠶᠢᠨ ᠭᠤᠷᠪᠠᠨ ᠵᠢᠯ ᠤᠨ | ᠳᠣᠲᠣᠷ᠎ᠠ ︽ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ︾ ᠲᠤ ᠣᠷᠣᠭᠤᠯᠤᠭᠰᠠᠨ ᠵᠠᠬ᠎ᠠ | ᠳᠡᠯᠭᠡᠭᠦᠷ ᠤᠨ ᠭᠤᠤᠯ ᠴᠣᠭᠴᠠ ᠪᠠ ︽ᠬᠥᠭᠰᠢᠨ ᠵᠥᠢᠯ︾ ᠳᠤ ᠴᠢᠭᠯᠡᠭᠦᠯᠦᠨ ᠢᠲᠡᠭᠡᠯ ᠠᠯᠳᠠᠭᠰᠠᠨ ᠬᠡᠷᠡᠭ ᠤᠨ | ᠰᠦᠪᠡᠭᠴᠢ ᠶᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠢᠲᠡᠭᠡᠯ ᠠᠯᠳᠠᠭᠰᠠᠨ ᠭᠤᠤᠯ ᠴᠣᠭᠴᠠ ᠶᠢ ᠵᠠᠯᠬᠠᠭᠠᠨ | ᠴᠡᠭᠡᠷᠯᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠵᠦ᠂ | ᠨᠢᠭᠡ ᠪᠦᠯᠦᠭ ᠢ ᠰᠡᠷᠡᠮᠵᠢᠯᠡᠭᠦᠯᠵᠦ᠂ ᠨᠢᠭᠡ ᠪᠦᠯᠦᠭ ᠢ ᠰᠤᠷᠭᠠᠨ ᠬᠥᠮᠦᠵᠢᠭᠦᠯᠦᠭᠰᠡᠨ ᠦᠷ᠎ᠡ ᠪᠦᠲᠦᠮᠵᠢ ᠶᠢ | ᠪᠡᠶᠡᠯᠡᠭᠦᠯᠦᠨ᠎ᠡ᠃ | 19. ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠨ᠎ᠠ᠃ ᠰᠣᠨᠢᠨ | ᠮᠡᠳᠡᠭᠡᠨ ᠤ ᠵᠠᠭᠤᠴᠢᠯᠠᠭᠤᠷ ᠪᠠ ᠰᠦᠯᠵᠢᠶᠡᠨ ᠤ ᠡᠬᠢ ᠪᠠᠶᠠᠯᠢᠭ ᠢ ᠤᠬᠠᠭᠤᠯᠵᠤ ᠬᠥᠲᠥᠯᠥᠨ ᠵᠢᠯᠣᠭᠤᠳᠬᠤ ᠪᠠ | ᠤᠯᠠᠮᠵᠢᠯᠠᠨ ᠳᠡᠯᠭᠡᠷᠡᠭᠦᠯᠬᠦ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠭᠤᠤᠯ ᠵᠠᠭᠤᠴᠢᠯᠠᠭᠤᠷ ᠪᠠ ᠰᠣᠨᠢᠨ | ᠮᠡᠳᠡᠭᠡᠨ ᠤ ᠰᠦᠯᠵᠢᠶᠡᠨ ᠥᠷᠲᠡᠭᠡ ᠳᠤ ᠲᠤᠰᠬᠠᠶ ᠰᠡᠳᠦᠪᠲᠦ ᠲᠤᠰᠬᠠᠶ ᠪᠤᠯᠤᠩ ᠭᠠᠷᠭᠠᠵᠤ᠂ ︽ᠢᠲᠡᠭᠡᠮᠵᠢ ᠲᠠᠢ ᠪᠣᠯ | ᠢᠷᠠᠭᠤ ᠠᠯᠳᠠᠷᠲᠠᠶ᠂ ᠢᠲᠡᠭᠡᠮᠵᠢ ᠠᠯᠳᠠᠭᠰᠠᠨ ᠨᠢ ᠢᠴᠢᠭᠦᠷᠢ ᠲᠠᠢ︾ ᠭᠡᠬᠦ ᠤᠬᠠᠭᠤᠯᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠤᠮᠠᠷᠠᠲᠤ ᠬᠢᠯᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ | ᠬᠥᠮᠦᠨ ᠵᠡᠷᠭᠡ ᠬᠡᠯᠪᠡᠷᠢ ᠪᠠᠷ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠬᠤ ᠡᠷᠴᠢᠮ ᠢᠶᠠᠨ | ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ᠂ ᠨᠥᠯᠥᠭᠡᠯᠡᠬᠦ ᠬᠡᠮᠵᠢᠶ᠎ᠡ ᠪᠠᠷ ᠶᠡᠭᠡ᠂ ᠮᠡᠳᠡᠷᠡᠬᠦ | ᠬᠡᠮᠵᠢᠶ᠎ᠡ ᠪᠠᠷ ᠥᠨᠳᠥᠷ᠂ ᠬᠡᠪ ᠳᠠᠭᠤᠷᠢᠶᠠᠯ ᠤᠨ ᠴᠢᠨᠠᠷ ᠲᠠᠢ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ | ᠰᠣᠩᠭᠤᠨ ᠪᠣᠶ ᠪᠣᠯᠭᠠᠵᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠴᠡᠴᠡᠷᠯᠢᠭ ᠤᠨ ᠠᠭᠤᠳᠠᠮ ᠲᠠᠯᠠᠪᠠᠶ᠂ | ᠨᠡᠶᠢᠭᠡᠮ ᠲᠣᠭᠤᠷᠢᠭ ᠤᠨ ᠬᠥᠳᠡᠭᠡ ᠲᠣᠰᠬᠤᠨ᠂ ᠡᠯ᠎ᠡ ᠠᠵᠢᠯ ᠲᠥᠷᠥᠯ ᠳᠤ ᠣᠷᠣᠭᠤᠯᠬᠤ ︽ᠢᠷᠠᠭᠤ ᠠᠯᠳᠠᠷ ᠤᠨ | ᠰᠠᠮᠪᠠᠷ᠎ᠠ︾ ᠶᠢ ᠳᠡᠯᠭᠡᠨ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡᠯᠢᠭ ᠵᠢᠱᠢᠶ᠎ᠡ ᠶᠢᠨ | ᠤᠬᠠᠭᠤᠯᠭ᠎ᠠ ᠶᠢᠨ ᠵᠥᠪ ᠲᠠᠯ᠎ᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ | ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠵᠦ᠂ ᠪᠥᠬᠦ ᠨᠡᠶᠢᠭᠡᠮ ᠢᠶᠠᠷ ᠢᠶᠠᠨ ᠢᠲᠡᠭᠡᠬᠦ᠂ ᠢᠲᠡᠭᠡᠬᠦ᠂ ᠢᠲᠡᠭᠡᠬᠦ᠂ | ᠢᠲᠡᠭᠡᠬᠦ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠥᠭᠵᠢᠭᠡᠨ᠎ᠡ᠃ | ︵ᠲᠦᠷᠪᠡ︶ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ | 20 ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠰᠢᠭᠦᠨ | ᠲᠠᠰᠤᠯᠤᠯᠲᠠ ᠶᠢ ᠢᠯᠡ ᠪᠣᠯᠭᠠᠬᠤ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ᠂ ᠴᠠᠭᠳᠠᠭᠠᠨ ᠤ ᠶᠠᠪᠤᠳᠠᠯ ᠢ ᠢᠯᠡ | ᠪᠣᠯᠭᠠᠬᠤ᠂ ᠭᠦᠢᠴᠡᠳᠬᠡᠬᠦ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶᠡᠨ ᠳᠡᠭᠡᠷ᠎ᠡ | ᠪᠠᠶᠢᠴᠠᠭᠠᠨ ᠯᠠᠪᠯᠠᠬᠤ᠂ ︽ᠴᠢᠭ ᠠᠴᠠ ᠴᠢᠭ ᠲᠤ ᠬᠦᠷᠭᠡᠬᠦ︾ ᠬᠦᠷᠭᠡᠬᠦ ᠵᠡᠷᠭᠡ ᠬᠠᠤᠯᠢ ᠴᠠᠭᠠᠵᠠ ᠶᠢ ᠢᠯᠡ ᠪᠣᠯᠭᠠᠵᠤ | ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠠᠤᠯᠢ ᠴᠠᠭᠠᠵᠠ ᠶᠢᠨ ︽ᠨᠡᠭᠡᠭᠡᠬᠦ | ᠡᠳᠦᠷ︾᠂ ︽ᠬᠦᠯᠢᠶᠡᠨ ᠠᠪᠬᠤ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠠᠵᠢᠯ ᠤᠨ ᠢᠯᠡ ᠲᠣᠳᠣ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | 21᠂ ᠲᠥᠪ ᠭᠤᠤᠯᠴᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢ ᠴᠢᠩᠳᠠᠯᠠᠨ᠎ᠠ᠃ ᠭᠤᠣᠯᠳᠠᠯᠭ᠎ᠠ ᠲᠠᠢ | ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠬᠢᠬᠦ ᠦᠭᠡᠢ᠂ ᠳᠤᠷ᠎ᠠ ᠪᠠᠷ ᠢᠶᠠᠨ ᠠᠵᠢᠯ ᠬᠢᠬᠦ᠂ | ᠬᠠᠤᠯᠢ ᠬᠡᠷᠡᠭᠵᠢᠭᠦᠯᠬᠦ ᠨᠢ ᠴᠢᠩᠭ᠎ᠠ ᠵᠢᠷᠤᠮᠵᠢᠭᠤᠨ ᠪᠤᠰᠤ ᠲᠥᠪ ᠭᠤᠣᠯᠴᠢ ᠪᠤᠰᠤ ᠪᠣᠯᠪᠠᠰᠤᠨ ᠪᠤᠰᠤ ᠪᠠᠶᠢᠬᠤ ᠵᠡᠷᠭᠡ | ᠲᠤᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠷᠡᠭ ᠢ | ᠳᠠᠩᠰᠠᠯᠠᠬᠤ ᠦᠭᠡᠢ᠂ ᠬᠡᠷᠡᠭ ᠢ ᠪᠠᠶᠢᠴᠠᠭᠠᠬᠤ ᠦᠭᠡᠢ᠂ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠬᠡᠷᠡᠭ ᠤᠨ | ᠰᠦᠪᠡᠭᠴᠢ ᠶᠢ ᠦᠨᠳᠦᠰᠦᠨ ᠠᠴᠠ ᠨᠢ ᠵᠢᠭᠰᠠᠭᠠᠨ ᠪᠠᠶᠢᠴᠠᠭᠠᠵᠤ᠂ ᠡᠷᠬᠡ ᠶᠢᠨ ᠬᠢᠵᠠᠭᠠᠷ ᠠᠴᠠ ᠳᠠᠪᠠᠭᠰᠠᠨ᠂ | ᠬᠡᠪᠴᠢᠶ᠎ᠡ ᠠᠴᠠ ᠬᠡᠲᠦᠷᠡᠭᠰᠡᠨ᠂ ᠲᠤᠭ᠎ᠠ ᠬᠡᠮᠵᠢᠶ᠎ᠡ ᠠᠴᠠ ᠬᠡᠲᠦᠷᠡᠭᠰᠡᠨ᠂ ᠴᠠᠭ ᠬᠤᠭᠤᠴᠠᠭ᠎ᠠ ᠬᠢᠵᠠᠭᠠᠷᠯᠠᠨ ᠪᠠᠶᠢᠴᠠᠭᠠᠨ | ᠪᠢᠲᠡᠭᠦᠮᠵᠢᠯᠡᠭᠰᠡᠨ᠂ ᠦᠯᠡᠳᠡᠭᠡᠨ ᠠᠪᠤᠭᠰᠠᠨ᠂ ᠦᠯᠦ ᠬᠦᠳᠡᠯᠭᠡᠯᠭᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯ ᠢ ᠥᠷᠨᠢᠭᠦᠯᠦᠨ᠎ᠡ᠃ ᠦᠨᠡᠨᠴᠢ ᠢᠲᠡᠭᠡᠮᠵᠢ ᠲᠠᠢ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠭᠤᠣᠯᠴᠢ ᠪᠠᠷ | ᠰᠢᠢᠳᠪᠦᠷᠢᠯᠡᠵᠦ᠂ ᠲᠠᠰᠤᠯᠤᠯᠳᠠ ᠬᠢᠵᠦ᠂ ᠬᠠᠤᠯᠢ ᠴᠠᠭᠠᠵᠠ ᠨᠢ ᠭᠤᠣᠯᠴᠢ ᠪᠤᠰᠤ ᠪᠠᠶᠢᠬᠤ ᠶᠢ ᠡᠷᠡᠰ ᠬᠤᠷᠢᠭᠯᠠᠵᠤ᠂ | ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠭᠦᠢᠴᠡᠳᠬᠡᠬᠦ ᠨᠤᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠬᠤ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠢᠯᠡᠷᠡᠭᠦᠯᠬᠦ ᠬᠡᠷᠡᠭᠲᠡᠢ᠃ | | 22᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠥᠪ ᠭᠤᠣᠯᠴᠢ ᠪᠠᠷ | ᠰᠢᠢᠳᠪᠦᠷᠢᠯᠡᠨ᠎ᠡ᠃ ᠪᠦᠬᠦ ᠰᠢᠶᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠶ ᠶᠢᠨ ᠶᠠᠯᠠᠲᠤ ᠬᠡᠷᠡᠭ ᠢ | ᠬᠡᠷᠡᠭ ᠪᠣᠯᠭᠠᠨ ᠳᠠᠩᠰᠠᠯᠠᠬᠤ᠂ ᠬᠡᠷᠡᠭ ᠢ ᠬᠦᠴᠦᠨ ᠦᠭᠡᠢ ᠪᠣᠯᠭᠠᠬᠤ ᠲᠤᠰᠬᠠᠶ ᠬᠢᠨᠠᠯᠲᠠ ᠲᠠᠯᠪᠢᠬᠤ ᠶᠢ ᠥᠷᠨᠢᠭᠦᠯᠵᠦ᠂ | ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ ᠠᠵᠤ ᠠᠬᠤᠶ ᠶᠢᠨ ᠵᠢᠭᠤᠷᠠᠯᠳᠤᠭᠠᠨ ᠢ ᠨᠥᠯᠥᠭᠡᠯᠡᠬᠦ ᠠᠰᠠᠭᠤᠳᠠᠯ ᠢ | ᠴᠢᠩᠭ᠎ᠠ ᠰᠢᠶ᠋ᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠪᠤᠷᠤᠭᠤ ᠬᠡᠷᠡᠭ ᠲᠤ ᠴᠢᠭᠯᠡᠭᠦᠯᠦᠨ ᠴᠠᠭ | ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ | 23 ᠬᠤᠳᠠᠯ ᠬᠠᠭᠤᠷᠮᠠᠭ ᠵᠠᠷᠭᠤ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠠᠤᠯᠢ ᠴᠠᠭᠠᠵᠠ ᠶᠢᠨ | ᠪᠠᠶᠢᠭᠤᠯᠤᠯᠭ᠎ᠠ ᠨᠤᠭᠤᠳ ᠬᠠᠮᠲᠤᠷᠠᠨ ᠬᠤᠳᠠᠯ ᠬᠠᠭᠤᠷᠮᠠᠭ ᠵᠠᠷᠭᠤᠯᠳᠤᠬᠤ ᠶᠢ ᠰᠡᠷᠭᠡᠶᠢᠯᠡᠨ ᠵᠠᠰᠠᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠵᠠᠷᠭᠤ ᠶᠢᠨ ᠨᠡᠶᠢᠲᠡᠯᠢᠭ ᠬᠡᠷᠡᠭ ᠢ ᠡᠷᠡᠰ ᠵᠠᠯᠠᠷᠠᠭᠤᠯᠬᠤ ᠶᠢᠨ | ᠬᠠᠮᠲᠤ ᠣᠯᠠᠨ ᠳᠤ ᠢᠯᠡ ᠦᠵᠡᠭᠦᠯᠵᠦ᠂ ᠬᠤᠳᠠᠯ ᠬᠠᠭᠤᠷᠮᠠᠭ ᠵᠠᠷᠭᠤᠯᠳᠤᠬᠤ ᠪᠠᠷ ᠳᠠᠮᠵᠢᠭᠤᠯᠤᠨ ᠵᠦᠢ ᠶᠣᠰᠣᠨ ᠤ | ᠪᠤᠰᠤ ᠠᠰᠢᠭ ᠲᠤᠰᠠ ᠣᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | ᠬᠡᠷᠡᠭᠲᠡᠶ᠃ | 24. ᠭᠤᠤᠯᠳᠠᠯᠭ᠎ᠠ ᠲᠠᠢ ᠬᠦᠷᠢᠶᠡᠨ ᠳᠠᠬᠢ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠵᠠᠰᠠᠭ ᠤᠨ ᠣᠷᠳᠣᠨ ᠳᠤ ᠬᠤᠯᠪᠣᠭᠳᠠᠭᠰᠠᠨ᠂ ᠠᠵᠤ ᠠᠬᠤᠶᠢᠯᠠᠯ ᠳᠤ ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ | ᠬᠤᠯᠪᠣᠭᠳᠠᠭᠰᠠᠨ᠂ ᠮᠥᠩᠭᠦᠨ ᠭᠦᠢᠯᠭᠡᠭᠡᠨ ᠳᠤ ᠬᠤᠯᠪᠣᠭᠳᠠᠭᠰᠠᠨ ᠬᠡᠷᠡᠭ ᠢ ᠭᠦᠢᠴᠡᠳᠬᠡᠬᠦ ᠳᠤ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠮᠠᠭᠤ ᠰᠠᠨᠠᠭ᠎ᠠ ᠲᠠᠢ ᠪᠠᠷ ᠵᠠᠶᠢᠯᠠᠬᠤ᠂ ᠭᠦᠢᠴᠡᠳᠬᠡᠬᠦ ᠶᠢ ᠡᠰᠡᠷᠭᠦᠴᠡᠬᠦ ︽ | ᠯᠦᠢᠪᠠᠷ︾ ᠲᠤ ᠬᠦᠴᠦᠲᠡᠶ ᠴᠣᠬᠢᠯᠲᠠ ᠥᠭᠴᠦ᠂ ᠨᠠᠵᠠᠭᠠᠶ ᠭᠦᠢᠴᠡᠳᠭᠡᠯᠲᠡ᠂ ᠬᠠᠤᠯᠢ ᠠᠴᠠ ᠵᠥᠷᠢᠴᠡᠨ | ᠭᠦᠢᠴᠡᠳᠬᠡᠬᠦ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠦᠢᠴᠡᠳᠬᠡᠬᠦ ᠨᠤᠷᠮ᠎ᠠ ᠶᠢ ᠦᠨᠡᠨ ᠬᠦ | ᠳᠡᠭᠡᠭᠰᠢᠯᠡᠭᠦᠯᠦᠨ᠂ ᠲᠤᠬᠠᠢ ᠶᠢᠨ ᠬᠥᠮᠦᠨ ᠤ ᠵᠠᠷᠭᠤ ᠬᠢᠬᠦ ᠠᠰᠢᠭ ᠲᠤᠰᠠ ᠶᠢ ᠴᠠᠭ ᠲᠤᠬᠠᠶ ᠳᠤᠨᠢ ᠪᠡᠶᠡᠯᠡᠭᠦᠯᠵᠦ᠂ | ᠭᠦᠢᠴᠡᠳᠬᠡᠬᠦ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠪᠠ᠃ | 25 ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠬᠠᠤᠯᠢᠴᠢ᠂ ᠠᠯᠪᠠᠨ ᠭᠡᠷᠡᠴᠢᠯᠡᠭᠡ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯ ᠲᠥᠷᠥᠯ ᠤᠨ ᠡᠮᠬᠢ ᠳᠢᠭᠯᠢᠮ ᠢ ᠴᠡᠭᠴᠡᠯᠡᠵᠦ᠂ ᠢᠲᠡᠭᠡᠮᠵᠢ ᠠᠯᠳᠠᠭᠰᠠᠨ ︽ᠬᠠᠷ᠎ᠠ ᠳᠠᠩᠰᠠ︾ ᠶᠢᠨ ᠳᠦᠷᠢᠮ ᠢ | ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠠᠵᠢᠯ ᠡᠷᠬᠢᠯᠡᠬᠦ ᠠᠰᠠᠭᠤᠳᠠᠯ ᠢ ᠬᠠᠤᠯᠢ ᠶᠣᠰᠣᠭᠠᠷ ᠴᠡᠭᠴᠡᠯᠡᠨ | ᠵᠠᠰᠠᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠠᠵᠢᠯᠯᠠᠭᠰᠠᠳ ᠤᠨ ᠠᠵᠢᠯ ᠡᠷᠬᠢᠯᠡᠬᠦ | ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠶᠢᠨ ᠬᠥᠮᠦᠵᠢᠯ ᠢ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠲᠥᠷᠥᠯ ᠤᠨ ᠠᠵᠢᠯ ᠡᠷᠬᠢᠯᠡᠬᠦ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ | ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠪᠣᠯᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡᠨ ᠤ | ᠴᠣᠩᠬᠤᠨ ᠤ ︽ᠤᠷᠢᠳᠠᠪᠠᠷ ᠠᠰᠠᠭᠤᠵᠤ ᠬᠠᠷᠢᠭᠤᠴᠠᠬᠤ᠂ ᠦᠢᠯᠡᠴᠢᠯᠡᠭᠡᠨ ᠤ ᠠᠮᠠᠯᠠᠯᠲᠠ᠂ ᠴᠠᠭ ᠬᠢᠵᠠᠭᠠᠷᠯᠠᠨ | ᠰᠢᠢᠳᠪᠦᠷᠢᠯᠡᠵᠦ ᠳᠠᠭᠤᠰᠬᠠᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ︾ ᠲᠦᠷᠢᠮ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠰᠠᠯᠠᠭ᠎ᠠ | ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠦᠨᠡᠨᠬᠦ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠥᠰᠦᠯ ᠲᠣᠭᠲᠠᠭᠠᠵᠤ᠂ | ᠲᠣᠭᠲᠠᠴᠠ ᠪᠠᠶᠢᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠤᠯᠤᠰ ᠲᠥᠷᠥ ᠶᠢ | ᠡᠷᠬᠢᠮᠯᠡᠬᠦ ᠳᠡᠭᠡᠳᠦ ᠬᠡᠮᠵᠢᠶᠡᠨ ᠠᠴᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠡᠭᠦᠷᠭᠡ ᠶᠢᠨ | ᠬᠤᠪᠢᠶᠠᠷᠢᠯᠠᠯ ᠶᠣᠰᠣᠭᠠᠷ ᠲᠣᠰ ᠬᠦᠷᠢᠶ᠎ᠡ ᠴᠠᠷᠠᠭ᠎ᠠ᠂ ᠲᠣᠰ ᠨᠢᠭᠡᠴᠡ ᠶᠢᠨ ᠢᠶᠠᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠶ᠃ ᠤᠳᠤᠷᠢᠳᠬᠤ ᠺᠠᠳ᠋ᠷ᠂ ᠢᠯᠠᠩᠭᠤᠶ᠎ᠠ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ | ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ | ᠪᠠᠶᠢᠷᠢᠯᠠᠭᠤᠯᠵᠤ᠂ ᠪᠡᠶ᠎ᠡ ᠪᠠᠷ ᠢᠶᠠᠨ ᠱᠠᠯᠠᠪᠳᠠᠭᠤᠯᠤᠨ ᠰᠢᠢᠳᠪᠦᠷᠢᠯᠡᠵᠦ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠬᠤ | ᠬᠡᠷᠡᠭᠲᠡᠢ᠃ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠨᠠᠷᠢᠨ ᠬᠢᠨᠠᠮᠠᠭᠠᠢ ᠠᠳᠬᠤᠵᠤ᠂ ᠪᠣᠳᠠᠲᠠᠢ ᠠᠳᠬᠤᠵᠤ᠂ | ᠪᠠᠶᠢᠩᠭᠤ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠪᠦᠲᠦᠮᠵᠢᠲᠡᠢ ᠠᠬᠢᠭᠤᠯᠵᠤ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ︵ᠬᠤᠶᠠᠷ︶ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠰᠢᠨ᠎ᠡ ᠴᠠᠭ | ᠦᠶ᠎ᠡ ᠶᠢᠨ ᠦᠨᠡᠨᠴᠢ ᠢᠲᠡᠭᠡᠮᠵᠢ ᠶᠢᠨ ᠰᠣᠶᠣᠯ ᠢ ᠢᠳᠡᠪᠬᠢᠲᠡᠶ ᠪᠤᠶᠢᠵᠢᠭᠤᠯᠤᠨ ᠪᠠᠳᠠᠷᠠᠭᠤᠯᠵᠤ᠂ ᠦᠨᠡᠨᠴᠢ | ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ | ᠵᠡᠷᠭᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ︔ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ᠂ | ᠨᠥᠯᠥᠭᠡᠯᠡᠬᠦ ᠬᠡᠮᠵᠢᠶ᠎ᠡ ᠪᠠᠷ ᠶᠡᠭᠡ᠂ ᠮᠡᠳᠡᠷᠡᠮᠵᠢ ᠶᠢᠨ ᠬᠡᠮᠵᠢᠶ᠎ᠡ ᠪᠠᠷ ᠥᠨᠳᠥᠷ᠂ ᠬᠡᠪ ᠳᠠᠭᠤᠷᠢᠶᠠᠯ ᠤᠨ ᠴᠢᠨᠠᠷᠲᠠᠶ | ᠦᠨᠡᠨᠴᠢ ᠢᠲᠡᠭᠡᠮᠵᠢᠲᠡᠶ ᠨᠢᠭᠡᠴᠡ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ᠂ ᠦᠨᠡᠨᠴᠢ ᠢᠲᠡᠭᠡᠮᠵᠢᠲᠡᠶ | ᠬᠥᠮᠦᠰ ᠢ ᠪᠣᠶ ᠪᠣᠯᠭᠠᠬᠤ ᠶᠢᠨ ᠬᠠᠮᠲᠤ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠦᠨᠡᠨᠬᠦ ᠴᠢᠩᠭᠠᠷᠠᠭᠤᠯᠬᠤ ᠬᠡᠷᠡᠭᠲᠡᠶ | ︔ ᠲᠥᠪᠯᠡᠷᠡᠭᠦᠯᠦᠨ ᠤᠬᠠᠭᠤᠯᠬᠤ ᠪᠠ ᠡᠳᠦᠷ ᠲᠤᠳᠤᠮ ᠤᠨ ᠤᠬᠠᠭᠤᠯᠭ᠎ᠠ᠂ ᠭᠤᠣᠯᠳᠠᠯᠭ᠎ᠠ ᠶᠢ ᠲᠤᠪᠤᠶᠢᠯᠭᠠᠬᠤ ᠪᠠ | ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠬᠦ᠂ ᠤᠯᠠᠮᠵᠢᠯᠠᠯᠲᠤ ᠵᠠᠭᠤᠴᠢᠯᠠᠭᠤᠷ ᠤᠨ | ᠠᠮᠢᠳᠤᠯᠢᠭ ᠵᠢᠱᠢᠶ᠎ᠡ ᠶᠢ ᠭᠦᠨᠵᠡᠭᠡᠢ ᠠᠭᠤᠳᠠᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠲᠤᠰᠬᠠᠢ ᠪᠤᠯᠤᠩ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ | ᠪᠣᠯᠤᠨ ᠡᠯ᠎ᠡ ᠲᠦᠷᠦᠯ ᠤᠨ ᠵᠠᠭᠤᠴᠢᠯᠠᠭᠤᠷ ᠤᠨ ᠤᠬᠠᠭᠤᠯᠭ᠎ᠠ ᠶᠢ ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠵᠥᠪ | ᠲᠠᠯ᠎ᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠱᠠᠩᠳᠤ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠢᠶᠠᠨ ᠠᠳᠬᠤᠵᠤ᠂ ᠵᠣᠷᠢᠭ ᠰᠢᠭᠤᠳᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠠᠶᠢᠵᠢᠷᠠᠭᠤᠯᠬᠤ ᠢᠯᠡ ᠲᠣᠳᠣ ᠣᠪᠣᠷ ᠢ ᠪᠤᠢ ᠪᠣᠯᠭᠠᠵᠤ᠂ ᠱᠠᠩᠳᠤ ᠶᠢᠨ ᠠᠷᠠᠳ ᠲᠦᠮᠡᠨ ᠤ ᠦᠨᠡᠨᠴᠢ | ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢᠲᠡᠶ ᠨᠢᠭᠡᠴᠡ᠂ ᠦᠨᠡᠨᠴᠢ ᠢᠲᠡᠭᠡᠮᠵᠢᠲᠡᠶ ᠠᠵᠤ ᠠᠬᠤᠶᠢᠯᠠᠯ᠂ | ᠦᠨᠡᠨᠴᠢ ᠢᠲᠡᠭᠡᠮᠵᠢᠲᠡᠶ ᠬᠥᠮᠦᠰ ᠢ ᠰᠦᠷ ᠳᠠᠯᠠᠶᠢᠴᠠᠲᠠᠢ ᠪᠠᠷ ᠰᠢᠯᠭᠠᠷᠠᠭᠤᠯᠤᠨ ᠬᠥᠬᠢᠭᠦᠯᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ᠃ | ︵ᠭᠤᠷᠪᠠ︶ ᠳᠦᠷᠢᠮ ᠤᠨ ᠪᠠᠶᠢᠭᠤᠯᠤᠯᠲᠠ ᠶᠢ ᠲᠦᠷᠭᠡᠳ᠋ᠬᠡᠨᠡ᠃ ᠥᠪᠡᠷᠲᠡᠭᠡᠨ ᠵᠠᠰᠠᠬᠤ ᠣᠷᠣᠨ ᠤ ᠤᠳᠠᠯ | ᠥᠬᠡᠶ ᠨᠡᠶᠢᠲᠡᠯᠡᠬᠦ ᠭᠡᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠲᠦᠷᠢᠮ︾ ᠶᠣᠰᠣᠭᠠᠷ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠭᠦᠢᠴᠡᠳᠭᠡᠬᠦ᠂ ᠠᠯᠪᠠᠲᠠᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠵᠡᠷᠭᠡ ᠲᠠᠯ᠎ᠠ ᠶᠢᠨ ᠲᠣᠭᠤᠷᠢᠨ ᠳᠤ | ᠠᠵᠢᠯ ᠤᠨ ᠵᠢᠷᠤᠮᠵᠢᠯ ᠪᠠ ᠬᠠᠮᠢᠶᠠᠷᠤᠯᠲᠠ ᠶᠢᠨ ᠲᠦᠷᠢᠮ ᠢ ᠲᠣᠭᠲᠠᠭᠠᠨ᠎ᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠬᠦ ᠪᠦᠲᠦᠮᠵᠢᠲᠡᠶ ᠭᠠᠷᠳᠠᠴᠠ ᠪᠣᠯᠭᠠᠵᠤ᠂ ᠲᠤᠬᠠᠶᠢᠯᠠᠭᠰᠠᠨ | ᠠᠵᠢᠯ ᠤᠨ ᠵᠢᠷᠤᠮᠵᠢᠯ ᠪᠠ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠴᠤᠭᠯᠠᠭᠤᠯᠤᠨ ᠬᠠᠮᠲᠤ ᠪᠠᠷ ᠬᠦᠷᠲᠡᠬᠦ ᠪᠠ ᠢᠯᠡ ᠪᠠᠷ | ᠨᠡᠶᠢᠲᠡᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠢᠲᠡᠭᠡᠮᠵᠢ ᠶᠢ ᠬᠠᠷᠭᠤᠭᠤᠯᠤᠨ ᠪᠠᠶᠢᠴᠠᠭᠠᠬᠤ᠂ | ᠢᠲᠡᠭᠡᠮᠵᠢ ᠶᠢ ᠬᠢᠨᠠᠨ ᠬᠠᠮᠢᠶᠠᠷᠬᠤ᠂ ᠢᠲᠡᠭᠡᠮᠵᠢ ᠶᠢᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠵᠠᠰᠠᠭ ᠵᠠᠬᠢᠷᠭᠠᠨ ᠤ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠦᠢᠴᠡᠳᠭᠡᠬᠦ ᠶᠠᠪᠤᠴᠠ ᠳᠤ ᠰᠢᠭᠢᠳᠬᠡᠨ | ᠣᠷᠣᠭᠤᠯᠵᠤ᠂ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ᠂ ᠰᠠᠯᠠᠭ᠎ᠠ | ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠦᠨᠡᠨᠴᠢ | ᠢᠲᠡᠭᠡᠮᠵᠢ ᠶᠢᠨ ᠱᠠᠩᠨᠠᠵᠤ ᠲᠣᠷᠭᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠠᠶᠢᠨ | ᠲᠤᠷᠰᠢᠯᠭ᠎ᠠ᠂ ᠰᠠᠶᠢᠨ ᠠᠷᠭ᠎ᠠ ᠶᠢ ᠲᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠃ ᠡᠯ᠎ᠡ ᠰᠠᠯᠠᠭ᠎ᠠ ᠮᠥᠴᠢᠷ ᠤᠳ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠵᠦ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠ ᠠᠭᠤᠯᠭ᠎ᠠ ᠪᠣᠯᠭᠠᠨ 2024 ᠣᠨ ᠤ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠳᠤ ᠣᠷᠣᠭᠤᠯᠵᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠪᠣᠯᠪᠠᠰᠤᠷᠠᠭᠤᠯᠤᠯ᠂ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠪᠤᠶᠢᠵᠢᠭᠤᠯᠬᠤ᠂ ᠭᠤᠤᠯᠳᠠᠯᠭ᠎ᠠ ᠲᠠᠢ ᠬᠦᠷᠢᠶᠡᠨ ᠤ ᠰᠢᠨ᠎ᠡ ᠶᠢ ᠡᠭᠦᠳᠬᠦ ᠢᠨᠵᠧᠨᠧᠷᠢᠩ ᠵᠡᠷᠭᠡ | ᠲᠥᠷᠥᠯ ᠵᠦᠢᠯ ᠳᠤ ᠪᠠᠯᠠ ᠮᠥᠩᠭᠦ ᠶᠢᠨ ᠳᠡᠮᠵᠢᠯᠭᠡ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ︵ᠲᠠᠪᠤ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠨᠠᠮ ᠵᠠᠰᠠᠭ ᠤᠨ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠳ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠳᠤᠮᠳᠠᠬᠢ ᠨᠠᠮ ᠵᠠᠰᠠᠭ ᠤᠨ ᠪᠠᠶᠢᠭᠤᠯᠭ᠎ᠠ ᠶᠢᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ | ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯᠴᠢᠨ ᠵᠠᠯᠠᠭᠤᠴᠤᠳ ᠡᠮᠡᠭᠲᠡᠶᠢᠴᠦᠳ ᠵᠡᠷᠭᠡ | ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠬᠠᠷᠢᠯᠴᠠᠵᠤ ᠪᠠᠶᠢᠭ᠎ᠠ ᠤᠯᠠᠨ ᠲᠦᠮᠡᠨ ᠲᠠᠢ ᠬᠠᠷᠢᠯᠴᠠᠬᠤ ᠦᠨᠡᠨᠴᠢ ᠢᠲᠡᠭᠡᠮᠵᠢ ᠶᠢᠨ ᠬᠥᠮᠦᠵᠢᠯ ᠤᠨ ᠠᠵᠢᠯ ᠢ | ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠡᠷᠭᠡ ᠪᠠᠷ ᠠᠳᠬᠤᠵᠤ | ᠬᠠᠮᠲᠤ ᠪᠠᠷ ᠬᠠᠮᠢᠶᠠᠷᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠢᠨᠠᠯᠲᠠ ᠲᠠᠯᠪᠢᠬᠤ | ᠨᠢᠭᠡᠴᠡ ᠨᠦᠭᠦᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠢᠯᠡᠷᠡᠭᠦᠯᠦᠭᠰᠡᠨ | ᠲᠣᠪᠤᠶᠢᠮ᠎ᠠ ᠠᠰᠠᠭᠤᠳᠠᠯ ᠢ ᠰᠢᠶᠠᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ | ᠵᠣᠬᠢᠴᠠᠭᠤᠯᠬᠤ ᠲᠣᠭᠲᠠᠴᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠡᠯ᠎ᠡ ᠵᠦᠢᠯ ᠤᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨᠬᠦ | ᠪᠠᠲᠤᠯᠠᠬᠤ ᠬᠡᠷᠡᠭᠲᠡᠶ᠃ |