ᠦᠰᠦᠭ ᠲᠠᠶᠢᠯᠣᠮᠵᠢ᠄  ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠬᠡᠷᠬᠢᠨ ᠴᠢᠩᠭᠠᠳᠬᠠᠬᠤ ᠪᠣᠶ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠶ᠎ᠠ︶
ᠨᠡᠶᠢᠲᠡᠯᠡᠭᠰᠡᠨ ᠴᠠᠭ᠄
2024/5/9
  ᠶᠡᠷᠦᠩᠬᠡᠢ ᠱᠦᠵᠢ ᠰᠢ ᠶᠢᠨ ᠫᠢᠩ᠄ ︽ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠨᠢ ᠳᠠᠷᠤᠢ ᠰᠢᠨ᠎ᠡ ᠶᠢ ᠡᠭᠦᠳᠬᠦ ᠶᠢ ᠬᠠᠮᠠᠭᠠᠯᠠᠵᠤ ᠪᠠᠶᠢᠭ᠎ᠠ ᠶᠠᠪᠤᠳᠠᠯ ᠮᠥᠨ︾ ᠭᠡᠵᠦ ᠵᠢᠭᠠᠵᠤ ᠭᠠᠷᠭᠠᠵᠠᠢ᠃    ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠣᠷᠣᠭᠤᠯᠪᠠ᠃    ᠣᠶᠢᠷ᠎ᠠ ᠶᠢᠨ ᠵᠢᠯ ᠤᠳ ᠠᠴᠠ ᠨᠠᠭᠠᠰᠢ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠᠨ ᠦᠷᠭᠦᠯᠵᠢᠯᠡᠨ ᠡᠷᠴᠢᠮᠵᠢᠭᠦᠯᠵᠦ᠂ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠪᠡ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠤᠷᠭᠠᠨ ᠤ ᠳᠠᠷᠤᠭ᠎ᠠ ᠭᠦᠸᠧ ᠸᠧᠨ ᠲᠠᠨᠢᠯᠴᠠᠭᠤᠯᠬᠤ ᠳᠤ ᠪᠠᠨ᠂ ᠡᠨᠡ ᠵᠢᠯ ᠤᠨ ᠨᠢᠭᠡᠳᠦᠭᠡᠷ ᠤᠯᠠᠷᠢᠯ ᠪᠣᠯᠲᠠᠯ᠎ᠠ᠂ ᠮᠠᠨ ᠤ ᠤᠯᠤᠰ ᠨᠢᠭᠡᠨᠲᠡ ᠤᠯᠤᠰ ᠤᠨ ᠲᠠᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠪᠠ ᠡᠷᠬᠡ ᠪᠠᠨ ᠲᠦᠷᠭᠡᠨ ᠬᠠᠮᠠᠭᠠᠯᠠᠬᠤ ᠲᠥᠪ ᠢ 113᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ 2000 ᠰᠢᠬᠠᠮ ᠪᠠ ᠡᠷᠬᠡ ᠪᠠᠨ ᠬᠠᠮᠠᠭᠠᠯᠠᠬᠤ ᠲᠤᠰᠠᠯᠠᠮᠵᠢ ᠶᠢᠨ ᠪᠠᠶᠢᠭᠤᠯᠤᠮᠵᠢ ᠶᠢ 2800 ᠭᠠᠷᠤᠢ ᠪᠠᠶᠢᠭᠤᠯᠤᠭᠰᠠᠨ ᠪᠠᠶᠢᠨ᠎ᠠ᠃ 2023 ᠣᠨ ᠳᠤ᠂ ᠪᠥᠬᠦ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠯᠠᠭ᠎ᠠ ᠮᠥᠴᠢᠷ ᠲᠤᠰᠬᠠᠢ ᠠᠰᠢᠭ᠂ ᠲᠠᠸᠠᠷ ᠤᠨ ᠲᠡᠮᠳᠡᠭ ᠤᠨ ᠬᠠᠤᠯᠢ ᠶᠢ ᠵᠥᠷᠢᠴᠡᠭᠰᠡᠨ ᠬᠡᠷᠡᠭ ᠢ ᠨᠡᠶᠢᠲᠡ 4.4 ᠲᠦᠮᠡᠨ ᠬᠤᠪᠢ ᠪᠠᠶᠢᠴᠠᠭᠠᠨ ᠰᠢᠢᠳᠪᠦᠷᠢᠯᠡᠵᠦ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠬᠡᠷᠡᠭ ᠢ ᠨᠡᠶᠢᠲᠡ 6.8 ᠲᠦᠮᠡᠨ ᠬᠤᠪᠢ ᠰᠢᠢᠳᠪᠦᠷᠢᠯᠡᠪᠡ ᠭᠡᠵᠡᠢ᠃    ᠭᠦᠸᠧ ᠸᠧᠨ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠤᠰᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠡᠢ᠃    ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠪᠠᠷ ᠵᠠᠰᠠᠬᠤ ᠲᠥᠪᠰᠢᠨ ᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠰᠢᠨ᠎ᠡ ᠬᠦᠷᠢᠶ᠎ᠡ ᠰᠢᠨ᠎ᠡ ᠡᠵᠡᠩᠨᠡᠯᠲᠡ ᠶᠢᠨ ᠪᠠᠶᠢᠳᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠲᠦᠷᠭᠡᠳᠬᠡᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠪᠠᠶᠢᠭᠤᠯᠤᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠥᠨᠳᠥᠷ ᠲᠦᠪᠰᠢᠨ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃    ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠢᠨᠠᠨ ᠪᠠᠶᠢᠴᠠᠭᠠᠬᠤ ᠴᠢᠨᠠᠷ ᠪᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ᠂ ᠡᠷᠬᠡ ᠪᠠᠨ ᠲᠦᠷᠭᠡᠨ ᠬᠠᠮᠠᠭᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ᠃    ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠵᠦ ᠬᠠᠮᠠᠭᠠᠯᠠᠬᠤ ᠶᠢ ᠡᠷᠴᠢᠮᠵᠢᠭᠦᠯᠦᠨ᠎ᠡ᠃ ᠰᠠᠯᠠᠭ᠎ᠠ ᠮᠥᠴᠢᠷ ᠤᠳ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠠᠨ ᠡᠷᠴᠢᠮᠵᠢᠭᠦᠯᠵᠦ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢ ᠴᠢᠩᠭᠠᠷᠠᠭᠤᠯᠵᠤ᠂ ᠲᠤᠰᠬᠠᠢ ᠠᠰᠢᠭ ᠤᠨ ᠡᠷᠬᠡ ᠳᠤ ᠵᠣᠷᠢᠭᠤᠳᠠ ᠬᠠᠯᠳᠠᠬᠤ᠂ ᠳᠠᠪᠬᠤᠷᠳᠠᠭᠤᠯᠤᠨ ᠬᠠᠯᠳᠠᠬᠤ ᠵᠢᠴᠢ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠲᠠᠰᠤᠯᠤᠯᠲᠠ ᠶᠢ ᠦᠯᠦ ᠭᠦᠢᠴᠡᠳᠬᠡᠬᠦ ᠵᠡᠷᠭᠡ ᠦᠢᠯᠡ ᠠᠵᠢᠯᠯᠠᠭ᠎ᠠ ᠨᠤᠭᠤᠳ ᠲᠤ ᠵᠠᠰᠠᠭ ᠵᠠᠬᠢᠷᠭᠠᠨ ᠤ ᠰᠢᠢᠳᠬᠡᠯ᠂ ᠬᠤᠯᠪᠤᠭᠠᠯᠠᠨ ᠵᠠᠯᠬᠠᠭᠠᠵᠤ ᠴᠡᠭᠡᠷᠯᠡᠭᠦᠯᠬᠦ᠂ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠣᠷᠣᠭᠤᠯᠤᠨ ᠠᠪᠴᠢᠷᠠᠬᠤ ᠶᠢ ᠠᠬᠢᠭᠤᠯᠤᠨ᠎ᠠ᠃    ᠪᠠᠶᠢᠭᠤᠯᠤᠯ ᠲᠣᠭᠲᠠᠴᠠ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠪᠠ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃    ᠭᠠᠳᠠᠭᠠᠳᠤ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠨᠡᠭᠡᠭᠡᠯᠲᠡ ᠲᠠᠢ ᠪᠦᠭᠡᠳ ᠪᠠᠭᠲᠠᠭᠠᠮᠵᠢ ᠲᠠᠢ᠂ ᠲᠡᠩᠴᠡᠭᠦᠷᠢᠲᠡᠢ ᠪᠥᠭᠡᠳ ᠲᠦᠭᠡᠮᠡᠯ ᠬᠠᠷᠠᠭᠠᠯᠵᠠᠯᠲᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠯᠠᠨ ᠤᠯᠤᠰ ᠤᠨ ᠳᠦᠷᠢᠮ ᠢ ᠪᠠᠶᠢᠭᠤᠯᠬᠤ ᠶᠢ ᠠᠬᠢᠭᠤᠯᠵᠤ᠂ ᠭᠠᠳᠠᠭᠠᠳᠤ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠭᠠᠳᠠᠭᠠᠳᠤ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠬᠤ ᠵᠢᠯᠤᠭᠤᠳᠬᠤ ᠲᠥᠪ ᠤᠨ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ ᠮᠠᠨ ᠤ ᠤᠯᠤᠰ ᠤᠨ ᠠᠵᠤ ᠠᠬᠤᠶᠢᠯᠠᠯ ᠤᠨ ︽ᠭᠠᠷᠴᠤ ᠶᠠᠪᠤᠬᠤ︾ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2