ᠱᠠᠩᠳᠤ ᠰᠢᠶᠠᠨ᠄ ᠬᠦᠰᠡᠯᠡᠩ ᠤᠨ ᠨᠡᠷ᠎ᠡ ᠪᠠᠷ ᠪᠣᠯᠵᠣᠭᠠᠨ ᠳᠤ ᠬᠦᠷᠴᠦ᠂ ᠱᠠᠩᠳᠦ ᠰᠢᠶᠠᠨ ︽ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠠᠭ︾ ᠲᠤ ᠣᠷᠣᠪᠠ
ᠨᠡᠶᠢᠲᠡᠯᠡᠭᠰᠡᠨ ᠴᠠᠭ᠄
2024/6/11
  6 ᠰᠠᠷ᠎ᠠ ᠶᠢᠨ 7 ᠤ ᠡᠳᠦᠷ᠂ 2024 ᠣᠨ ᠤ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠵᠢᠩᠬᠢᠨᠢ ᠪᠠᠷ ᠡᠬᠢᠯᠡᠵᠦ᠂ ᠦᠶ ᠣᠯᠠᠨ ᠰᠤᠷᠤᠭᠴᠢᠳ ᠰᠢᠯᠭᠠᠯᠲᠠ ᠶᠢᠨ ᠲᠠᠯᠠᠪᠤᠷ ᠲᠤ ᠬᠦᠷᠴᠦ ᠬᠥᠮᠦᠨ ᠤ ᠠᠮᠢᠳᠤᠷᠠᠯ ᠤᠨ ᠳᠤᠮᠳᠠᠬᠢ ᠨᠢᠭᠡ ᠤᠳᠠᠭᠠᠨ ᠤ ᠶᠡᠭᠡ ᠰᠢᠯᠭᠠᠯᠲᠠ ᠶᠢ ᠤᠭᠲᠤᠪᠠ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠴᠠᠬᠢᠯᠭᠠᠨ ᠬᠠᠩᠭᠠᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠠᠶᠢᠨ ᠳᠤᠷᠠᠴᠤᠳ ᠤᠨ ᠨᠡᠶᠢᠭᠡᠮᠯᠢᠭ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠰᠢᠯᠭᠠᠯᠲᠠ ᠶᠢᠨ ᠡᠮᠬᠢ ᠳᠢᠭᠯᠢᠮ ᠢ ᠪᠠᠲᠤᠯᠠᠬᠤ ᠪᠠ ᠰᠢᠯᠭᠠᠭᠤᠯᠤᠭᠴᠢ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃    ᠰᠢᠯᠭᠠᠯᠲᠠ ᠶᠢᠨ ᠭᠠᠵᠠᠷ ᠤᠨ ᠡᠭᠦᠳᠡᠨ ᠡᠮᠦᠨ᠎ᠡ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠦᠶ᠋ᠯᠡᠴᠢᠯᠡᠭᠡᠨ ᠤ ᠥᠷᠲᠡᠭᠡ ᠭᠠᠷᠭᠠᠵᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠢᠯᠭᠠᠭᠤᠯᠤᠭᠴᠢ᠂ ᠬᠡᠷ ᠤᠨ ᠠᠬᠠᠮᠠᠳ ᠪᠠ ᠰᠢᠯᠭᠠᠯᠲᠠ ᠶᠢᠨ ᠴᠡᠭ ᠤᠨ ᠲᠤᠰᠠᠯᠠᠮᠵᠢ ᠭᠤᠶᠤᠴᠢᠯᠠᠬᠤ ᠶᠢ ᠴᠠᠭ ᠲᠤᠬᠠᠶ ᠳᠤᠨᠢ ᠬᠦᠯᠢᠶᠡᠵᠦ᠂ ᠲᠤᠬᠠᠶ ᠶᠢᠨ ᠲᠠᠯᠠᠪᠤᠷ ᠲᠤ ᠪᠠᠰᠠ ᠮᠠᠰᠢ ᠣᠯᠠᠨ ᠦᠶ᠋ᠯᠡᠴᠢᠯᠡᠭᠡᠨ ᠤ ᠰᠠᠯᠠᠭ᠎ᠠ ᠮᠥᠴᠢᠷ ᠰᠢᠯᠭᠠᠯᠲᠠ ᠶᠢᠨ ᠴᠡᠭ ᠤᠨ ᠡᠭᠦᠳᠡᠨ ᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠲᠥᠬᠦᠮ ᠦᠢᠯᠡᠴᠢᠯᠡᠭᠡ ᠬᠠᠩᠭᠠᠵᠤ᠂ ᠦᠶ᠋ᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠰᠢᠯᠭᠠᠭᠤᠯᠤᠭᠴᠢ ᠪᠠ ᠰᠢᠯᠭᠠᠯᠲᠠ ᠶᠢᠨ ᠶᠠᠪᠤᠳᠠᠯ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ ᠰᠢᠯᠭᠠᠭᠤᠯᠤᠭᠴᠢ ᠳᠤ ᠰᠠᠶᠢᠨ ᠰᠠᠶᠢᠬᠠᠨ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃    ᠱᠠᠩᠳᠤ ᠰᠢᠶᠠᠨ ᠤ ᠤᠰᠤᠨ ᠬᠤᠶᠢᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠲᠢᠶᠠᠨ ᠸᠧᠶ ᠸᠧᠶ᠄ ︽ᠱᠠᠩᠳᠤ ᠰᠢᠶᠠᠨ ᠤ ᠤᠰᠤᠨ ᠬᠤᠶᠢᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠶᠡᠭᠡ ᠰᠤᠷᠭᠠᠭᠤᠯᠢ ᠰᠢᠯᠭᠠᠬᠤ ᠬᠤᠭᠤᠴᠠᠭᠠᠨ ᠳᠤ ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠰᠢᠯᠭᠠᠯᠲᠠ ᠶᠢᠨ ᠪᠡᠯᠡᠳᠬᠡᠯ ᠬᠡᠷᠡᠭᠰᠡᠯ᠂ ᠲᠦᠷᠭᠡᠨ ᠠᠪᠤᠷᠠᠯᠲᠠ ᠶᠢᠨ ᠡᠮ ᠤᠨ ᠬᠠᠶᠢᠷᠴᠠᠭ ᠵᠡᠷᠭᠡ ᠡᠬᠢ ᠪᠠᠶᠠᠯᠢᠭ ᠤᠨ ᠦᠢᠯᠡᠴᠢᠯᠡᠭᠡ ᠬᠠᠩᠭᠠᠵᠤ᠂ ᠰᠢᠯᠭᠠᠭᠤᠯᠤᠭᠴᠢ ᠶᠢᠨ ᠨᠡᠷᠡᠰ ᠤᠨ ᠵᠢᠭᠰᠠᠭᠠᠯᠲᠠ ᠳᠤ ᠬᠦᠴᠦᠨ ᠨᠡᠮᠡᠷᠢᠯᠡᠪᠡ︾ ᠭᠡᠪᠡ᠃    ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ᠂ ᠰᠢᠯᠭᠠᠯᠲᠠ ᠳᠤ ᠪᠠᠷ᠎ᠠ ᠪᠣᠯᠵᠤ ᠪᠠᠶᠢᠭ᠎ᠠ ᠬᠡᠷ ᠤᠨ ᠠᠬᠠᠮᠠᠳ ᠰᠣᠷᠭᠤᠭ ᠴᠡᠴᠡᠭ ᠪᠠᠷᠢᠵᠤ᠂ ᠰᠢᠯᠭᠠᠯᠲᠠ ᠶᠢᠨ ᠲᠠᠯᠠᠪᠤᠷ ᠤᠨ ᠭᠠᠳᠠᠨ᠎ᠠ ᠡᠷᠴᠢᠯᠡᠨ ᠬᠦᠯᠢᠶᠡᠵᠦ᠂ ᠥᠪᠡᠷ ᠤᠨ ᠥᠪᠡᠷᠮᠢᠴᠡ ᠠᠷᠭ᠎ᠠ ᠮᠠᠶ᠋ᠢᠭ ᠢᠶᠠᠷ ᠬᠡᠦᠬᠡᠳ ᠲᠡᠭᠡᠨ ᠦᠭᠡ ᠳᠠᠭᠤᠨ ᠥᠬᠡᠶ ᠪᠠᠷ ᠳᠡᠮᠵᠢᠨ ᠬᠠᠪᠰᠤᠷᠴᠤ᠂ ᠲᠡᠳᠡᠨ ᠤ ᠲᠥᠯᠥᠭᠡ ᠬᠦᠴᠦ ᠨᠡᠮᠡᠨ᠎ᠡ᠃    ᠰᠢᠯᠭᠠᠭᠤᠯᠤᠭᠴᠢ ᠶᠢᠨ ᠭᠡᠷ ᠤᠨ ᠠᠬᠠᠮᠠᠳ᠄ ︽ᠥᠨᠥᠳᠦᠷ ᠮᠠᠨ ᠤ ᠬᠡᠦᠬᠡᠳ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠬᠤ ᠳᠤ ᠰᠤᠷᠤᠭᠴᠢᠳ ᠤᠨ ᠬᠦᠰᠡᠯᠡᠩ ᠲᠠᠢ ᠰᠤᠷᠭᠠᠭᠤᠯᠢ ᠳᠤ ᠣᠷᠣᠬᠤ ᠶᠢ ᠴᠢᠩ ᠰᠡᠳᠬᠢᠯ ᠠᠴᠠ ᠪᠠᠨ ᠢᠷᠦᠭᠡᠶ᠎ᠡ᠂ ᠲᠡᠳᠡᠨ ᠤ ᠬᠤᠰᠢᠭᠤᠨ ᠤ ᠢᠯᠠᠯᠲᠠ ᠣᠯᠬᠤ ᠶᠢ ᠵᠥᠩᠨᠡᠶ᠎ᠡ᠂ ᠠᠯᠲᠠᠨ ᠰᠠᠮᠪᠠᠷ᠎ᠠ ᠳᠤ ᠨᠡᠷ᠎ᠡ ᠭᠠᠷᠠᠢ︾ ᠭᠡᠵᠦ ᠬᠡᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2