ᠱᠠᠩᠳᠤ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠢᠦᠢ ᠯᠦ ᠲᠥᠯᠥᠪᠯᠡᠭᠡ ᠶᠢᠨ ᠲᠦᠷᠦᠯ ᠵᠦᠢᠯ ᠤᠨ ᠨᠥᠬᠦᠪᠥᠷᠢ ᠣᠯᠭᠤᠬᠤ ᠡᠲᠡᠭᠡᠳ ᠤᠨ ᠠᠯᠪᠠᠨ ᠵᠠᠷ
ᠨᠡᠶᠢᠲᠡᠯᠡᠭᠰᠡᠨ ᠴᠠᠭ᠄
2024/6/11
    ︽ᠢᠦᠶ ᠯᠦ ᠲᠥᠯᠥᠪᠯᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠮᠡᠳᠡᠭᠳᠡᠯ︾ ︵ᠥᠪᠥᠷ ᠲᠡᠳᠬᠦᠵᠦ ᠠᠯᠪᠠᠨ ᠲᠠᠷᠬᠠᠭᠠᠭᠰᠠᠨ ﹇2020﹈ 27 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠳᠤ ᠪᠠᠶᠢᠭ᠎ᠠ ᠪᠠ ᠰᠢᠨ᠎ᠡ ᠪᠠᠷ ᠰᠤᠷᠭᠠᠭᠤᠯᠢ ᠳᠤ ᠣᠷᠣᠭᠰᠠᠨ ︵ᠲᠥᠷᠥ ᠶᠢᠨ ᠪᠣᠳᠣᠯᠭ᠎ᠠ ᠬᠦᠷᠲᠡᠵᠦ ᠪᠠᠶᠢᠭ᠎ᠠ ᠳᠠᠩᠰᠠᠯᠠᠵᠤ ᠺᠠᠷᠳ᠋ᠯᠠᠭᠰᠠᠨ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ᠤᠨ ᠭᠡᠷ ᠪᠦᠯᠢ︶ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠰᠤᠷᠤᠭᠴᠢᠳ ᠲᠤ ᠰᠤᠷᠤᠭᠴᠢ ᠨᠢᠭᠡᠪᠦᠷᠢ ᠶᠢᠨ ᠰᠤᠷᠤᠯᠭ᠎ᠠ ᠶᠢᠨ ᠬᠤᠭᠤᠴᠠᠭ᠎ᠠ ᠪᠦᠷᠢ ᠳᠤ 1500 ᠲᠥᠭᠦᠷᠢᠭ ᠤᠨ ᠨᠥᠬᠦᠪᠥᠷᠢ ᠥᠭᠭᠦᠨ᠎ᠡ᠂ ᠡᠳᠦᠭᠡ ᠱᠠᠩᠳᠤ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠪᠣᠷᠣᠭᠠᠨ ᠤ ᠰᠢᠭᠦᠳᠡᠷᠢ ᠶᠢᠨ ᠲᠥᠯᠥᠪᠯᠡᠭᠡ ᠶᠢᠨ ᠨᠥᠬᠦᠪᠥᠷᠢ ᠥᠭᠬᠦ ᠡᠲᠡᠭᠡᠳ ᠤᠨ ᠨᠡᠷ᠎ᠡ ᠶᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ︵2024 ᠣᠨ ᠤ 6 ᠳ᠋ᠤᠭᠠᠷ ᠰᠠᠷ᠎ᠠ ᠶᠢᠨ 3 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 13 ᠤ ᠡᠳᠦᠷ︶᠃ ᠠᠯᠪᠠᠨ ᠵᠠᠷ ᠤᠨ ᠠᠭᠤᠯᠭ᠎ᠠ ᠳᠤ ᠣᠨᠳᠣᠤ ᠰᠠᠨᠠᠯ ᠲᠠᠢ ᠪᠣᠯ ᠠᠯᠪᠠᠨ ᠵᠠᠷ ᠤᠨ ᠬᠤᠭᠤᠴᠠᠭᠠᠨ ᠳᠤ ᠳᠣᠣᠷᠠᠬᠢ ᠰᠠᠯᠠᠭ᠎ᠠ ᠮᠥᠴᠢᠷ ᠲᠤ ᠰᠠᠨᠠᠯ ᠢᠶᠠᠨ ᠳᠤᠷᠠᠳᠤᠭᠠᠷᠠᠢ᠃    ᠬᠢᠨᠠᠯᠲᠠ ᠲᠠᠯᠪᠢᠬᠤ ᠨᠢᠭᠡᠴᠡ᠄ ᠱᠠᠩᠳᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ    ᠬᠢᠨᠠᠯᠲᠠ ᠲᠠᠯᠪᠢᠬᠤ ᠨᠢᠭᠡᠴᠡ ᠶᠢᠨ ᠬᠠᠶ᠋ᠢᠭ᠄ ᠱᠠᠩᠳᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠠᠯᠪᠠᠨ ᠬᠡᠷ    ᠬᠢᠨᠠᠯᠲᠠ ᠲᠠᠯᠪᠢᠬᠤ ᠤᠲᠠᠰᠤ᠄ 0474 - 12317 0474 - 6918021    ᠢᠮᠧᠯ᠄ sdnmj@126.com
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2