ᠱᠠᠩᠳᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2024 ᠣᠨ ᠤ ᠬᠤᠶᠠᠳᠤᠭᠠᠷ ᠤᠯᠠᠷᠢᠯ ᠤᠨ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠲᠤᠬᠠᠶ ᠵᠠᠷᠯᠠᠨ ᠨᠡᠶᠢᠳᠡᠯᠡᠪᠡ
ᠨᠡᠶᠢᠲᠡᠯᠡᠭᠰᠡᠨ ᠴᠠᠭ᠄
2024/6/11
  ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠤᠤᠭᠤᠬᠤ ᠤᠰᠤᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠠᠬᠢᠳᠠᠯ ﹇2019﹈ 797 ᠳ᠋ᠤᠭᠠᠷ ᠲᠣᠭᠠᠲᠤ︶᠂ ︽ᠪᠥᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠤᠯᠳᠠᠯᠭ᠎ᠠ ᠲᠠᠢ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠠ ᠨᠡᠶᠢᠲᠡᠯᠡᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰ ᠬᠠᠷᠢᠶ᠎ᠠ ᠣᠷᠣᠨ ᠤ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠬᠢᠨᠠᠨ ᠬᠡᠮᠵᠢᠬᠦ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠦᠨᠡᠨ ᠬᠦ ᠳᠥᠯᠭᠢᠨ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠴᠢᠩᠭᠠᠷᠠᠭᠤᠯᠤᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠬᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠶᠢ ᠳᠥᠯᠭᠢᠨ ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠨᠢᠭᠡᠴᠡ ᠶᠢᠨ ᠦᠢᠯᠡᠳᠪᠦᠷᠢ ᠠᠴᠠ ᠭᠠᠷᠤᠭᠰᠠᠨ ᠤᠰᠤ᠂ ᠦᠵᠦᠭᠦᠷ ᠤᠨ ᠤᠰᠤ ᠵᠡᠷᠭᠡ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠃ ᠬᠤᠶᠠᠳᠤᠭᠠᠷ ᠤᠯᠠᠷᠢᠯ ᠳᠤ ᠮᠠᠨ ᠤ ᠰᠢᠶᠠᠨ ᠤ ᠬᠤᠶᠠᠷ ᠬᠤᠲᠠ ᠪᠠᠯᠭᠠᠰᠤᠨ ᠤ ᠤᠰᠤ ᠬᠠᠩᠭᠠᠬᠤ ᠴᠡᠭ ᠲᠤ ᠨᠡᠶᠢᠲᠡ ᠬᠤᠶᠠᠷ ᠬᠤᠪᠢ ᠥᠯᠢᠭᠡᠷ ᠡᠳ᠋ ᠠᠪᠴᠤ᠂ ᠰᠢᠯᠭᠠᠨ ᠪᠠᠶᠢᠴᠠᠭᠠᠭᠠᠳ ᠪᠦᠬᠦᠨ ᠢᠶᠠᠷ ᠢᠶᠠᠨ ᠬᠢᠷᠢ ᠲᠡᠩᠴᠡᠪᠡ᠃    ᠱᠠᠩᠳᠤ ᠱᠢᠶᠠᠨ ᠶᠢᠨ ᠡᠷᠡᠭᠦᠯ ᠬᠠᠮᠠᠭᠠᠯᠠᠯ ᠡᠷᠡᠭᠦᠯ ᠠᠳᠦ ᠶᠢᠨ ᠵᠥᠪᠯᠡᠯ    2024 ᠣᠨ ᠤ 6 ᠰᠠᠷ᠎ᠠ ᠶᠢᠨ 11 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2