ᠡᠳᠦᠭᠡ ᠱᠠᠩᠳᠤ ᠰᠢᠶᠠᠨ ᠤ ᠶᠤᠸᠠᠨ ᠬᠤᠤ ᠠᠮᠤ ᠪᠤᠳᠠᠭᠠᠨ ᠤ ᠦᠢᠯᠡᠳᠪᠦᠷᠢ ᠶᠢᠨ ᠬᠢᠷᠢ ᠲᠡᠩᠴᠡᠬᠦ ᠦᠭᠡᠢ | ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄ | 1. ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ | ᠵᠠᠭᠪᠤᠷ ᠤᠨ ᠨᠡᠷᠡᠶᠢᠳᠦᠯ᠄ ᠤᠯᠠᠮᠵᠢᠯᠠᠯᠲᠤ ᠮᠣᠩᠭᠤᠯ ᠬᠠᠭᠤᠷᠤᠭᠰᠠᠨ ᠠᠮᠤ︔ ᠲᠠᠸᠠᠷ ᠤᠨ ᠲᠡᠮᠳᠡᠭ᠄ ᠯᠧ | ᠪᠠᠭᠠᠲᠤᠷ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 1 ᠰᠠᠷ᠎ᠠ ᠶᠢᠨ 1 ᠤ ᠡᠳᠦᠷ︔ ᠬᠡᠪ | ᠪᠠᠷᠢᠮᠵᠢᠶ᠎ᠠ ᠬᠡᠯᠪᠡᠷᠢ ᠮᠠᠶ᠋ᠢᠭ᠄ 360 ᠭᠷᠠᠮ / ᠤᠭᠤᠲᠠ︔ ᠦᠯᠢᠭᠡᠷ ᠠᠪᠬᠤ ᠰᠠᠭᠤᠷᠢ ᠲᠤᠭ᠎ᠠ᠄ 8 ᠤᠭᠤᠲᠠ︔ | ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠬᠥᠭᠡᠴᠦ ᠶᠢᠨ ᠮᠥᠭᠦ ᠶᠢᠨ ᠲᠥᠷᠥᠯ ᠵᠦᠢᠯ | DBS15/010 - 2016 ᠣᠨ ᠤ ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢᠨ | ᠬᠠᠭᠤᠷᠤᠭᠰᠠᠨ ᠠᠮᠤ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃ | 2. ᠬᠢᠷᠢ ᠲᠡᠩᠴᠡᠬᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ | ᠱᠠᠩᠳᠤ ᠰᠢᠶᠠᠨ ᠤ ᠶᠤᠸᠠᠨ ᠬᠤᠤ ᠠᠮᠤ ᠪᠤᠳᠠᠭᠠᠨ ᠤ ᠦᠢᠯᠡᠳᠪᠦᠷᠢ ᠶᠢᠨ ᠦᠢᠯᠡᠳᠪᠦᠷᠢᠯᠡᠭᠰᠡᠨ ᠤᠯᠠᠮᠵᠢᠯᠠᠯᠲᠤ | ᠮᠣᠩᠭᠤᠯ ᠠᠮᠤ ᠪᠤᠳᠠᠭ᠎ᠠ ︵ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 360 ᠭᠷᠡᠮ / ᠤᠭᠤᠲᠠ᠂ ᠲᠠᠸᠠᠷ ᠤᠨ | ᠲᠡᠮᠳᠡᠭ᠄ ᠯᠧᠪᠠᠳᠠ᠂ ᠬᠥᠭᠡᠴᠦ ᠶᠢᠨ ᠲᠥᠷᠥᠯ ᠵᠦᠢᠯ ᠨᠢ DBS15/010 - 2016 ᠣᠨ ᠤ ︽ᠢᠳᠡᠭᠡᠨ ᠤ | ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠭᠤᠷᠤᠭᠰᠠᠨ ᠠᠮᠤ︾ ᠶᠢᠨ ᠱᠠᠭᠠᠷᠳᠠᠯᠭ᠎ᠠ ᠳᠤ | ᠨᠡᠶᠢᠴᠡᠬᠦ ᠦᠭᠡᠢ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ | ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠵᠦ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠠᠷᠪᠠᠨ | ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ | ᠵᠢᠷᠤᠮᠵᠢᠭᠤᠯᠬᠤ ᠲᠤᠬᠠᠶ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ | ᠵᠢᠯᠣᠭᠤᠳᠬᠤ ᠰᠠᠨᠠᠯ︾ ᠤᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠲᠣᠬᠢᠷᠠᠬᠤ ᠳᠦᠷᠢᠮ︾ ᠤᠨ ᠠᠷᠪᠠᠨ ᠳᠥᠷᠪᠡᠳᠦᠭᠡᠷ | ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠵᠤᠷᠪᠤᠰ ᠲᠠᠢ ᠬᠠᠷᠢᠴᠠᠭᠤᠯᠵᠤ᠂ ᠲᠤᠬᠠᠢ ᠶᠢᠨ ᠬᠥᠮᠥᠨ ᠳᠤ᠄ | 1᠂ 10000.00 ᠲᠥᠭᠦᠷᠢᠭ ᠵᠣᠭᠤᠰ ᠢᠶᠠᠷ ᠲᠣᠷᠭᠠᠨ᠎ᠠ︔ 2᠂ ᠬᠠᠤᠯᠢ ᠶᠢ ᠵᠥᠷᠢᠴᠡᠭᠰᠡᠨ ᠣᠯᠵᠠᠪᠤᠷᠢ ᠶᠢ | 1725.20 ᠲᠥᠭᠦᠷᠢᠭ ᠬᠤᠷᠢᠶᠠᠨ ᠠᠪᠤᠨ᠎ᠠ | 3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ | ᠱᠠᠩᠳᠤ ᠰᠢᠶᠠᠨ ᠤ ᠶᠤᠸᠠᠨ ᠬᠤᠤ ᠬᠠᠭᠤᠷᠤᠭᠰᠠᠨ ᠠᠮᠤ ᠶᠢᠨ ᠦᠶ᠋ᠯᠡᠳᠪᠦᠷᠢ ᠨᠢ ᠨᠢᠭᠡᠨᠲᠡ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠲᠤᠰᠢᠶᠠᠵᠠᠶ᠃ | ᠬᠢᠨᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2024 ᠣᠨ ᠤ 6 ᠰᠠᠷ᠎ᠠ ᠶᠢᠨ 11 ᠤ ᠡᠳᠦᠷ |