ᠮᠣᠣ ᠳ᠋ᠦ᠋ ᠰᠢᠶᠠᠩ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
  ᠮᠠᠨ ᠤ ᠰᠢᠶᠠᠩ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠺᠠᠳ᠋ᠷ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ 6 ᠰᠠᠷ᠎ᠠ ᠶᠢᠨ 18 ᠤ ᠡᠳᠦᠷ᠂ ᠮᠣᠳᠣ ᠰᠢᠶᠠᠩ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠶᠢᠭᠤᠯᠭ᠎ᠠ ᠶᠢᠨ ᠪᠦᠬᠦ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠹᠠᠩ ᠬᠠᠢ ᠶᠠᠨ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠦᠬᠦᠢ ᠮᠡᠳᠡᠯᠭᠡ ᠶᠢᠨ ᠲᠤᠬᠠᠢ ᠪᠣᠯᠪᠠᠰᠤᠷᠠᠯ ᠬᠢᠵᠦ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠵᠢᠭᠤ ᠨᠣᠮᠯᠠᠯ ᠢ ᠤᠬᠠᠮᠰᠠᠷ ᠠᠴᠠ ᠪᠠᠨ ᠡᠰᠡᠷᠭᠦᠴᠡᠵᠦ᠂ ᠭᠠᠵᠢᠭᠤ ᠨᠣᠮᠯᠠᠯ ᠢ ᠲᠠᠨᠢᠬᠤ᠂ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠬᠠᠮᠲᠤ ᠪᠦᠬᠦ ᠰᠢᠶᠠᠩ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠤᠨ ᠲᠠᠷᠠᠭ᠎ᠠ᠂ ᠡᠯ᠎ᠡ ᠲᠣᠰᠬᠤᠨ ᠤ ᠬᠢᠨ ᠲᠤᠰ ᠪᠡᠶ᠎ᠡ ᠶᠢᠨ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠪᠠᠶᠢᠩᠭᠤᠵᠢᠭᠰᠠᠨ᠂ ᠳᠦᠷᠢᠮᠵᠢᠭᠰᠡᠨ᠂ ᠵᠢᠷᠤᠮᠵᠢᠭᠰᠠᠨ ᠤᠬᠠᠭᠤᠯᠭ᠎ᠠ ᠪᠠᠷ ᠳᠠᠮᠵᠢᠭᠤᠯᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠵᠦ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ︽ᠰᠢᠨᠵᠢᠯᠡᠬᠦ ᠤᠬᠠᠭᠠᠨ ᠢ ᠡᠰᠡᠷᠭᠦᠴᠡᠬᠦ︾᠂ ︽ᠬᠠᠭᠤᠷᠮᠠᠭ ᠰᠢᠨᠵᠢᠯᠡᠬᠦ ᠤᠬᠠᠭᠠᠨ︾ ᠤ ᠵᠢᠭᠰᠢᠭᠦᠷᠢᠲᠦ ᠮᠥᠨ ᠴᠢᠨᠠᠷ ᠢ ᠭᠦᠨᠵᠡᠭᠡᠢ ᠢᠯᠡᠴᠢᠯᠡᠪᠡ᠃ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠬᠡᠯᠪᠡᠷᠢ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠩ ᠤᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠥᠷᠭᠡᠨ ᠤᠯᠠᠨ ᠺᠠᠳ᠋ᠷ ᠤᠯᠠᠨ ᠲᠦᠮᠡᠨ ᠤ ᠭᠠᠵᠢᠭᠤ ᠪᠤᠷᠤᠭᠤ ᠶᠢ ᠲᠠᠨᠢᠬᠤ᠂ ᠭᠠᠵᠢᠭᠤ ᠪᠤᠷᠤᠭᠤ ᠶᠢ ᠰᠡᠷᠭᠡᠶᠢᠯᠡᠬᠦ᠂ ᠭᠠᠵᠢᠭᠤ ᠪᠤᠷᠤᠭᠤ ᠶᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠡᠷᠡᠭᠦᠯ ᠰᠠᠷᠠᠭᠤᠯ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠭᠠᠵᠢᠭᠤ ᠨᠣᠮᠯᠠᠯ ᠤᠨ ᠨᠡᠷᠪᠡᠯᠲᠡ ᠶᠢ ᠬᠤᠷᠢᠭᠯᠠᠬᠤ ᠪᠤᠯᠤᠳ ᠬᠡᠷᠡᠮ ᠲᠡᠮᠦᠷ ᠬᠠᠨ᠎ᠠ ᠶᠢ ᠪᠠᠲᠤ ᠴᠣᠭᠴᠠᠯᠠᠨ᠎ᠠ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2