ᠮᠣᠣ ᠳ᠋ᠦ᠋ ᠰᠢᠶᠠᠩ ᠦᠷ᠎ᠡ ᠶᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
    ᠦᠷ᠎ᠡ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠲᠠᠷᠢᠬᠤ ᠦᠭᠡᠢ︾᠂ ︽ᠭᠠᠷᠤᠯᠲᠠ ᠦᠭᠡᠢ︾ ᠪᠠᠶᠢᠬᠤ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 6 ᠰᠠᠷ᠎ᠠ ᠶᠢᠨ 18 ᠤ ᠡᠳᠦᠷ᠂ ᠮᠣᠣ ᠳ᠋ᠦ᠋ ᠰᠢᠶᠠᠩ ᠲᠠᠷᠢᠬᠤ ᠶᠢ ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠶᠢᠭᠤᠯᠤᠯᠭ᠎ᠠ ᠶᠢᠨ ᠪᠦᠬᠦ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠨᠢᠭᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠠᠬᠢᠨ ᠪᠣᠳᠠᠲᠠᠶᠢᠵᠢᠭᠤᠯᠬᠤ ᠬᠡᠷᠡᠭᠲᠡᠢ᠃ ᠦᠷ᠎ᠡ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠲᠤᠰᠬᠠᠢ ᠠᠵᠢᠯᠯᠠᠭ᠎ᠠ ᠶᠢᠨ ᠲᠣᠣᠷᠵᠢᠯᠲᠠ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠡᠯ᠎ᠡ ᠲᠣᠰᠬᠤᠨ ᠤ ᠲᠣᠣᠷᠵᠢᠯ ᠤᠨ ᠠᠵᠢᠯᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠷ᠎ᠡ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠡᠯᠬᠢᠶ᠎ᠡ᠂ ᠪᠦᠬᠦ ᠴᠤᠪᠤᠷᠠᠯ ᠢᠶᠠᠷ ᠠᠬᠢᠭᠤᠯᠬᠤ ᠬᠡᠷᠡᠭᠲᠡᠢ᠃ ᠬᠤᠶᠠᠷ ᠲᠤ᠂ ᠤᠬᠠᠭᠤᠯᠤᠨ ᠳᠠᠶᠢᠴᠢᠯᠠᠬᠤ ᠶᠢ ᠨᠡᠶᠢᠳᠡᠮ ᠪᠦᠷᠬᠦᠭᠦᠯᠬᠦ ᠬᠡᠷᠡᠭᠲᠡᠶ᠃ ᠷᠠᠳᠢᠣ᠋ ᠨᠡᠪᠲᠡᠷᠡᠭᠦᠯᠭᠡ᠂ ᠸᠢᠴᠠᠲ ᠤᠨ ᠬᠤᠯᠪᠤᠭ᠎ᠠ᠂ ᠠᠶᠢᠯ ᠡᠷᠦᠬᠡ ᠪᠠᠷ ᠰᠤᠷᠪᠤᠯᠵᠢᠯᠠᠬᠤ ᠵᠡᠷᠭᠡ ᠡᠯ᠎ᠡ ᠵᠦᠶ᠋ᠯ ᠤᠨ ᠬᠡᠯᠪᠡᠷᠢ ᠪᠠᠷ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠤᠷᠲᠤ ᠡᠳ᠋ ᠤᠨ ᠬᠤᠤᠷ ᠬᠥᠨᠥᠭᠡᠯ ᠢ ᠲᠣᠳᠣᠷᠬᠠᠶ ᠲᠠᠨᠢᠭᠤᠯᠵᠤ᠂ ᠵᠥᠪ ᠣᠨᠣᠪᠴᠢᠲᠠᠶ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ᠣᠯᠠᠨ ᠲᠦᠮᠡᠨ ᠢ ᠭᠦᠢᠴᠡᠳ ᠳᠠᠶᠢᠴᠢᠯᠠᠨ ᠬᠡᠷᠡᠭ ᠤᠨ ᠰᠦᠪᠡᠭᠴᠢ ᠬᠠᠩᠭᠠᠵᠤ᠂ ᠰᠦᠪᠡᠭᠴᠢ ᠶᠢᠨ ᠢᠷᠡᠯᠲᠡ ᠶᠢ ᠥᠷᠭᠡᠳᠬᠡᠬᠦ ᠬᠡᠷᠡᠭᠲᠡᠶ᠃ ᠭᠤᠷᠪᠠ ᠳᠤ ᠬᠤᠣᠷ ᠲᠠᠲᠠᠬᠤ ᠶᠢ ᠪᠦᠬᠦ ᠲᠠᠯ᠎ᠠ ᠪᠠᠷ ᠪᠠᠶᠢᠴᠠᠭᠠᠵᠤ᠂ ᠪᠠᠯᠠᠢ ᠭᠠᠵᠠᠷ ᠦᠯᠡᠳᠡᠭᠡᠬᠦ ᠦᠭᠡᠢ᠃ ᠲᠣᠰᠬᠤᠨ ᠤ ᠺᠠᠳ᠋ᠷ᠂ ᠰᠦᠯᠵᠢᠶᠡᠨ ᠤ ᠠᠵᠢᠯᠲᠠᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠵᠡᠷᠭᠡ ᠬᠠᠮᠢᠶ᠎ᠠ ᠪᠥᠬᠦᠶ ᠬᠦᠴᠦᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠲᠠᠷᠢᠶᠠᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ᠂ ᠪᠦᠬᠦᠨ ᠢ ᠬᠠᠮᠤᠷᠬᠤ᠂ ᠲᠣᠤᠷᠯᠠᠨ ᠪᠠᠶᠢᠴᠠᠭᠠᠬᠤ ᠬᠡᠯᠪᠡᠷᠢ ᠪᠠᠷ ᠬᠤᠤᠷᠲᠤ ᠡᠳ᠋ ᠢ ᠪᠠᠶᠢᠴᠠᠭᠠᠨ ᠠᠷᠢᠯᠭᠠᠬᠤ ᠠᠵᠢᠯ ᠢ ᠥᠷᠨᠢᠭᠦᠯᠵᠦ᠂ ᠬᠤᠤᠷᠲᠤ ᠡᠳ᠋ ᠢ ᠲᠡᠭ ᠲᠠᠷᠢᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠲᠦᠷᠪᠡ ᠳᠤ᠂ ᠱᠠᠯᠠᠪᠳᠠᠭᠤᠯᠤᠨ ᠵᠢᠯᠣᠭᠤᠳᠴᠤ ᠬᠢᠨᠠᠨ ᠰᠢᠯᠭᠠᠬᠤ ᠶᠢ ᠲᠠᠬᠢᠨ ᠴᠢᠩᠳᠠᠯᠠᠬᠤ ᠬᠡᠷᠡᠭᠲᠡᠢ᠃ ᠡᠯ᠎ᠡ ᠲᠣᠰᠬᠤᠨ ᠲᠠᠢ ᠦᠷ᠎ᠡ ᠶᠢ ᠴᠠᠭᠠᠵᠠᠯᠠᠵᠣ ᠬᠤᠣᠷ ᠢ ᠠᠷᠢᠯᠭᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠡᠯ᠎ᠡ ᠲᠣᠰᠬᠤᠨ ᠤ ᠠᠵᠢᠯ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠵᠢᠯᠣᠭᠤᠳᠴᠤ᠂ ᠦᠷ᠎ᠡ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠭᠰᠠᠨ ᠨᠢ ᠬᠦᠴᠦᠨ ᠦᠭᠡᠢ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠬᠠᠰᠢ ᠶᠠᠰᠢ ᠪᠠᠷ ᠥᠩᠭᠡᠷᠡᠭᠦᠯᠬᠦ ᠵᠡᠷᠭᠡ ᠪᠠᠶᠢᠳᠠᠯ ᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠲᠠᠷᠠᠭᠠᠴᠢ ᠶᠢᠨ ᠠᠯᠬᠤᠮ ᠳᠤ᠂ ᠮᠣᠣ ᠳ᠋ᠦ᠋ ᠰᠢᠶᠠᠩ ᠦᠷ᠎ᠡ ᠶᠢ ᠴᠠᠭᠠᠵᠠᠯᠠᠵᠣ ᠬᠤᠣᠷ᠎ᠠ ᠠᠷᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠠᠷᠢᠯᠭᠠᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨ ᠬᠦ ᠪᠡᠶᠡᠯᠡᠭᠦᠯᠵᠦ᠂ ᠬᠤᠣᠷᠳᠦ ᠡᠳ᠋ ᠤᠨ ᠤᠭ ᠤᠷᠭᠤᠮᠠᠯ ᠢ ᠬᠠᠤᠯᠢ ᠪᠤᠰᠤ ᠪᠠᠷ ᠲᠠᠷᠢᠬᠤ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠲᠠᠷᠢᠬᠤ ᠶᠢ ᠴᠠᠭᠠᠵᠠᠯᠠᠵᠤ ᠬᠤᠣᠷ ᠢ ᠠᠷᠢᠯᠭᠠᠬᠤ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠪᠦᠷᠬᠦᠬᠦᠯᠬᠦ ᠶᠢ ᠪᠠᠲᠤᠯᠠᠵᠤ᠂ ᠦᠷ᠎ᠡ ᠶᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2