ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
  5 ᠰᠠᠷ᠎ᠠ ᠶᠢᠨ 30 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠧᠩ ᠶᠦᠩ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠵᠧᠤ ᠬᠠᠶ ᠯᠦᠩ ᠬᠤᠷᠠᠯ ᠢ ᠡᠷᠭᠢᠯᠡᠪᠡ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠣᠯ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠮᠥᠨ᠂ 12 ᠨᠢᠭᠡᠴᠢ ᠳᠤ ᠦᠷᠭᠦᠯᠵᠢᠯᠡᠨ ᠲᠣᠭᠤᠷᠢᠨ ᠪᠠᠶᠢᠴᠠᠭᠠᠯᠲᠠ ᠥᠷᠨᠢᠭᠦᠯᠬᠦ ᠪᠠᠷ ᠲᠣᠬᠢᠷᠠᠭᠤᠯᠪᠠ ᠂ ᠡᠭᠦᠨ ᠳᠤ ᠠᠩᠬ᠎ᠠ ᠤᠳᠠᠭ᠎ᠠ ᠤᠯᠤᠰ ᠤᠨ ᠥᠮᠴᠢᠯᠡᠯ ᠤᠨ 5 ᠠᠵᠤ ᠠᠬᠤᠶᠢᠯᠠᠯ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠵᠦ᠂ ᠶᠡᠭᠡ ᠬᠦᠷᠢᠶ᠎ᠡ ᠰᠢᠶᠠᠩ ᠤᠨ ᠬᠠᠷᠢᠶᠠᠨ ᠳᠠᠬᠢ 2 ᠲᠣᠰᠬᠤᠨ ᠳᠤ ᠰᠢᠭᠤᠳ ᠲᠣᠭᠤᠷᠢᠨ ᠪᠠᠶᠢᠴᠠᠭᠠᠯᠲᠠ ᠬᠢᠵᠦ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠰᠠᠶᠢᠲᠤᠷ ᠲᠡᠮᠵᠢᠨ ᠬᠠᠮᠵᠢᠯᠴᠠᠵᠤ᠂ ᠡᠨᠡ ᠤᠳᠠᠭ᠎ᠠ ᠶᠢᠨ ᠲᠣᠭᠤᠷᠢᠨ ᠪᠠᠶᠢᠴᠠᠭᠠᠬᠤ ᠶᠢ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠠᠵᠠ ᠲᠣᠬᠢᠶᠠᠯ ᠪᠣᠯᠭᠠᠵᠤ᠂ ᠠᠵᠢᠯ ᠢᠶᠠᠨ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ᠂ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠠᠵᠠ ᠲᠣᠬᠢᠶᠠᠯ ᠪᠣᠯᠭᠠᠵᠤ᠂ ᠳᠠᠷᠤᠤ ᠬᠢᠴᠢᠶᠡᠩᠭᠦᠢ ᠪᠠᠷ ᠬᠢᠨᠠᠯᠲᠠ ᠶᠢ ᠬᠦᠯᠢᠶᠡᠬᠦ ᠬᠡᠷᠡᠭᠲᠡᠢ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠲᠦᠷᠦ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠭᠤᠷᠪᠠᠨ ᠠᠵᠢᠯ︾ ᠢ ᠱᠠᠯᠠᠪᠳᠠᠭᠤᠯᠤᠨ ᠠᠬᠢᠭᠤᠯᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠲᠤᠭ ᠢ ᠡᠷᠭᠦᠨ ᠤᠴᠢᠷ ᠶᠠᠪᠤᠳᠠᠯ ᠢ ᠰᠢᠢᠳᠪᠦᠷᠢᠯᠡᠵᠦ ᠶᠠᠭᠠᠬᠢᠭᠰᠠᠨ ᠴᠤ ᠪᠣᠯᠬᠤ ᠦᠭᠡᠢ᠂ ᠶᠠᠭᠠᠬᠢᠭᠰᠠᠨ ᠴᠤ ᠡᠵᠡᠮᠰᠢᠭᠰᠡᠨ ᠲᠣᠭᠤᠷᠢᠨ ᠪᠠᠶᠢᠴᠠᠭᠠᠬᠤ ᠮᠡᠳᠡᠭᠡ ᠵᠠᠩᠭᠢ ᠪᠠᠨ ᠠᠰᠢᠭᠯᠠᠨ ᠬᠤᠪᠢ ᠶᠢᠨ ᠠᠰᠢᠭ ᠣᠯᠵᠤ ᠪᠣᠯᠬᠤ ᠦᠭᠡᠢ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠥᠪᠡᠷ ᠢ ᠪᠠᠨ ᠴᠢᠩᠭ᠎ᠠ ᠱᠠᠭᠠᠷᠳᠠᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠢᠶᠠᠨ ᠰᠠᠶᠢᠲᠤᠷ ᠠᠳᠬᠤᠬᠤ ᠪᠠᠷ ᠪᠠᠷᠠᠬᠤ ᠦᠭᠡᠢ ᠪᠠᠰᠠ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ᠃    ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠢᠨᠠᠯᠲᠠ ᠲᠠᠯᠪᠢᠵᠤ ᠪᠠᠶᠢᠴᠠᠭᠠᠬᠤ ᠲᠠᠰᠤᠭ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠢ ᠶᠡᠷᠦᠩᠬᠡᠶᠢᠯᠡᠨ ᠬᠠᠮᠢᠶᠠᠷᠬᠤ ᠠᠯᠪᠠᠨ ᠭᠡᠷ ᠤᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ᠂ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ ᠵᠢᠴᠢ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠺᠠᠳ᠋ᠷ ᠬᠤᠷᠠᠯ ᠳᠤ ᠣᠷᠣᠯᠴᠠᠪᠠ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2