︽ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠦᠰᠡᠯ ᠤᠨ ᠢᠨᠵᠧᠨᠧᠷᠢᠩ 1+1 - ᠬᠤᠸᠠᠨᠹᠠᠩ ᠤᠨ ᠰᠤᠷᠤᠯᠭ᠎ᠠ ᠶᠢ ᠲᠡᠳᠬᠦᠬᠦ ᠲᠥᠯᠥᠪᠯᠡᠭᠡ︾ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠱᠠᠩᠳᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 3 ᠤ ᠡᠳᠦᠷ᠂ ︽ᠰᠢᠨ᠎ᠡ ᠬᠦᠰᠡᠯ ᠡᠷᠡᠮᠡᠯᠵᠡᠯ ᠬᠠᠩᠭᠠᠶ᠎ᠠ︾ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠦᠰᠡᠯ ᠤᠨ ᠢᠨᠵᠧᠨᠧᠷᠢᠩ 1 — ᠬᠤᠸᠠᠨᠹᠠᠩ ᠰᠤᠷᠤᠯᠭ᠎ᠠ ᠶᠢ ᠲᠡᠳᠬᠦᠬᠦ ᠲᠥᠯᠥᠪᠯᠡᠭᠡ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠱᠠᠩᠳᠤ ᠰᠢᠶᠠᠨ ᠤ ᠫᠢᠩ ᠠᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ ᠺᠤᠸᠠᠩ ᠰᠢᠶᠤᠤ ᠯᠸᠢ᠂ ᠡᠪᠯᠡᠯ ᠤᠨ ᠬᠤᠷᠢᠶᠠᠨ ᠤ ᠱᠦᠵᠢ ᠵᠠᠩ ᠵᠢᠶᠦ᠋ᠨ ᠯᠸᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠵᠡᠷᠭᠡ ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃    ᠺᠤᠸᠠᠩ ᠰᠢᠶᠤᠤ ᠯᠧᠢ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠭᠡᠷ ᠪᠦᠯᠢ ᠨᠢ ᠬᠦᠴᠢᠷᠳᠡᠯᠲᠡᠢ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠠᠯᠠᠮᠵᠢᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠯᠠᠭᠤᠴᠤᠳ ᠪᠠᠭᠠᠴᠤᠳ ᠰᠤᠷᠤᠭᠴᠢᠳ ᠤᠨ ᠰᠤᠷᠤᠯᠭ᠎ᠠ ᠶᠢ ᠲᠡᠳᠬᠦᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ ᠪᠠᠰᠠ ᠰᠤᠷᠤᠭᠴᠢᠳ ᠡᠷᠬᠡᠪᠰᠢ ᠬᠢᠯᠪᠠᠷ ᠪᠤᠰᠤ ᠪᠠᠷ ᠢᠷᠡᠭᠰᠡᠨ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠨᠠᠮ ᠤᠨ ᠬᠠᠯᠠᠮᠵᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠰᠤᠷᠤᠯᠴᠠᠯᠭ᠎ᠠ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠬᠤ ᠶᠢ ᠬᠦᠰᠡᠵᠦ ᠪᠠᠶᠢᠨ᠎ᠠ ᠭᠡᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠱᠠᠩᠳᠤ ᠰᠢᠶᠠᠨ ᠤ ᠲᠤᠰᠠᠯᠠᠮᠵᠢ ᠬᠦᠷᠳᠡᠭᠰᠡᠨ 30 ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠦᠷᠭᠡᠭᠰᠡᠨ ᠪᠥᠭᠡᠳ ᠬᠠᠶᠢᠷ᠎ᠠ ᠬᠠᠯᠠᠮᠵᠢ ᠶᠢᠨ ᠪᠡᠯᠡᠭ ᠬᠦᠷᠭᠡᠪᠡ᠃ ᠴᠦᠨ ᠮᠢᠩ ᠪᠠᠭ᠎ᠠ ᠰᠤᠷᠭᠠᠭᠤᠯᠢ ᠶᠢᠨ ᠰᠤᠷᠤᠭᠴᠢᠳ ︽ᠨᠢᠭᠡ ᠪᠠᠭᠴᠠ ᠤᠯᠠᠭᠠᠨ ᠴᠡᠴᠡᠭ︾᠂ ︽ᠡᠨᠡ ᠤᠳᠠᠭᠠᠨ ᠤ ᠪᠠᠳᠠᠷᠠᠯᠲᠤ ᠴᠠᠭ ᠦᠶ᠎ᠡ ᠲᠠᠨ ᠤ ᠬᠦᠰᠡᠭᠰᠡᠨ ᠮᠡᠲᠦ︾ ᠪᠠ ︽ᠪᠠᠭᠠᠴᠤᠳ ᠤᠨ ᠳᠤᠮᠳᠠᠳᠤ ᠶᠢᠨ ᠵᠡᠭᠦᠳᠦ︾ ᠵᠡᠷᠭᠡ ᠲᠣᠭᠯᠠᠯᠲᠠ ᠭᠠᠷᠭᠠᠪᠠ᠃    ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠤᠰᠠᠯᠠᠮᠵᠢ ᠭᠥᠷᠳᠡᠭᠰᠡᠨ ᠬᠡᠰᠡᠭ ᠰᠤᠷᠤᠭᠴᠢᠳ ᠢ ᠲᠣᠬᠤᠨᠢᠭᠤᠯᠵᠤ᠂ ᠰᠤᠷᠤᠭᠴᠢᠳ ᠤᠨ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠰᠤᠷᠤᠭᠴᠢᠳ ᠢ ᠠᠯᠤᠰ ᠬᠡᠲᠦ ᠶᠢᠨ ᠬᠦᠰᠡᠯ ᠵᠣᠷᠢᠯᠲᠠ ᠲᠠᠢ ᠪᠠᠶᠢᠵᠤ᠂ ᠰᠠᠶᠢᠨ ᠰᠠᠶᠢᠬᠠᠨ ᠴᠠᠭ ᠮᠥᠴᠡ ᠶᠢ ᠨᠠᠨᠳᠢᠩᠨᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠪᠠᠷᠢᠮᠲᠠᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃    ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2