ᠱᠠᠩᠳᠤ ᠰᠢᠶᠠᠨ ᠲᠠᠷᠢᠶᠠᠯᠠᠩ ᠳᠤ ᠬᠡᠷᠡᠭᠯᠡᠬᠦ ᠡᠷᠬᠡ ᠶᠢᠨ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
  6 ᠰᠠᠷ᠎ᠠ ᠶᠢᠨ 3 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠭᠤᠸᠠᠩ ᠲᠠᠷᠢᠶᠠᠯᠠᠩ ᠤᠨ ᠪᠣᠭᠤᠮᠲᠠ ᠶᠢᠨ ᠬᠤᠶᠠᠳᠤᠭᠠᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠭᠤᠤᠯ ᠤᠳᠤᠷᠢᠳᠬᠤ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ 5 ᠰᠠᠷ᠎ᠠ ᠶᠢᠨ 31 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠪᠥᠬᠦ ᠬᠤᠲᠠ ᠶᠢᠨ ᠬᠥᠳᠡᠭᠡ ᠲᠣᠰᠬᠤᠨ ᠤ ᠪᠣᠭᠤᠮᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠡᠦᠬᠡ ᠶᠢᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠠᠬᠢᠴᠠ ᠶᠢ ᠲᠦᠷᠭᠡᠳᠬᠡᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠰᠢᠯᠵᠢᠭᠦᠯᠦᠨ ᠲᠤᠰᠢᠶᠠᠬᠤ ᠶᠢ ᠪᠠᠲᠤᠯᠠᠬᠤ ᠬᠡᠷᠡᠭᠲᠡᠢ᠃ ᠪᠥᠬᠦ ᠰᠢᠶᠠᠨ ᠳᠤ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ᠂ ᠠᠰᠢᠭᠯᠠᠯᠲᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠦᠷᠢᠶᠡᠨ ᠤ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠠᠶᠢᠯ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ︾ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ ᠲᠣᠰ ᠲᠣᠰ ᠤᠨ ᠰᠢᠶᠠᠩ ᠪᠠᠯᠭᠠᠰᠤᠨ ᠤ ᠪᠣᠳᠠᠲᠠᠶ ᠪᠠᠶᠢᠳᠠᠯ ᠳᠤ ᠰᠠᠭᠤᠷᠢᠯᠠᠨ᠂ ︽ᠨᠢᠭᠡ ᠡᠷᠦᠬᠡ ᠪᠣᠯᠪᠠᠰᠤᠷᠠᠪᠠᠯ ᠨᠢᠭᠡ ᠡᠷᠦᠬᠡ ᠶᠢ ᠥᠭᠡᠷᠡᠴᠢᠯᠡᠨ ᠪᠠᠶᠢᠭᠤᠯᠬᠤ︾ ᠠᠵᠢᠯ ᠤᠨ ᠵᠠᠷᠴᠢᠮ ᠶᠣᠰᠣᠭᠠᠷ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠵᠤ᠂ ᠮᠠᠯ ᠡᠮᠨᠡᠯᠭᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠳ᠋ᠷ︾ ᠢ ᠪᠦᠬᠦ ᠲᠠᠯ᠎ᠠ ᠪᠠᠷ ᠨᠡᠪᠲᠡᠷᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠪᠠᠭᠤᠷᠠᠭᠰᠠᠨ ᠲᠦᠭᠰᠢᠭᠦᠷᠢ ᠶᠢᠨ ᠴᠡᠭ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠤᠰᠤ ᠬᠠᠩᠭᠠᠬᠤ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠠᠵᠢᠯ ᠢ ᠲᠦᠷᠭᠡᠳᠬᠡᠨ ᠠᠬᠢᠭᠤᠯᠵᠤ᠂ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠴᠤ ᠠᠬᠢᠭᠤᠯᠬᠤ ᠲᠣᠭᠲᠠᠴᠠ ᠶᠢ ᠲᠦᠷᠭᠡᠬᠡᠨ ᠪᠠᠶᠢᠭᠤᠯᠵᠤ᠂ ᠰᠢᠶᠠᠨ ᠤ ᠬᠡᠪᠴᠢᠶ᠎ᠡ ᠶᠢ ᠨᠢᠭᠡᠳᠦᠯᠲᠡᠶ ᠬᠠᠮᠢᠶᠠᠷᠬᠤ ᠳᠦᠷᠢᠮ᠂ ᠤᠰᠤᠨ ᠤ ᠦᠨ᠎ᠡ ᠬᠠᠩᠰᠢ ᠶᠢᠨ ᠲᠣᠭᠲᠠᠴᠠ ᠶᠢᠨ ᠪᠠᠶᠢᠭᠤᠯᠤᠯᠲᠠ ᠵᠡᠷᠭᠡ ᠶᠢ ᠲᠣᠭᠲᠠᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃    ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2