ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
   6 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠳᠤ ᠬᠢᠨᠠᠯᠲᠠ ᠲᠠᠯᠪᠢᠬᠤ ᠠᠷᠭ᠎ᠠ︾ ᠶᠢ ᠰᠤᠷᠤᠯᠴᠠᠵᠤ᠂ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ 2024 ᠣᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ︾ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ 2024 ᠣᠨ ᠤ ᠲᠥᠪ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠳ᠋ ᠤᠨ ᠵᠠᠰᠠᠭ ᠠᠴᠠ ᠪᠠᠭᠤᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠤᠭᠰᠠᠨ ᠨᠥᠬᠦᠪᠥᠷᠢ ᠶᠢᠨ ᠪᠠᠯᠠ ᠮᠥᠩᠭᠦ ᠶᠢᠨ ᠳᠣᠭᠢᠷᠠᠭᠤᠯᠤᠨ ᠬᠡᠷᠡᠭᠯᠡᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠱᠠᠩᠳᠤ ᠰᠢᠶᠠᠨ ᠤ ᠰᠢᠶᠠᠩ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠲᠠᠩᠰᠠ︾ ︽ᠱᠠᠩᠳᠤ ᠰᠢᠶᠠᠨ ᠤ 2024 ᠣᠨ ᠤ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠬᠡᠷᠡᠭᠵᠢᠭᠦᠯᠬᠦ ᠲᠥᠰᠦᠯ︾ ︽ᠱᠠᠩᠳᠤ ᠰᠢᠶᠠᠨ ᠤ 2024 ᠣᠨ ᠤ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠵᠡᠷᠭᠡ ᠶᠢ ᠬᠢᠨᠠᠨ ᠵᠥᠪᠯᠡᠪᠡ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠂ ᠭᠡᠪᠡᠴᠦ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠵᠠᠷᠴᠢᠮ ᠢ ᠴᠢᠩᠭ᠎ᠠ ᠵᠢᠷᠤᠮᠯᠠᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠲᠤᠰᠬᠠᠢ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠠᠯᠠᠢ ᠣᠷᠣᠨ ᠢ ᠪᠦᠲᠦᠮᠵᠢᠲᠡᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃    ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ᠶᠢᠨ ᠲᠦᠷᠦᠯ ᠵᠦᠢᠯ ᠢ ᠵᠣᠯᠭᠠᠭᠤᠯᠤᠨ ᠠᠬᠢᠭᠤᠯᠬᠤ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠡᠯᠡ ᠮᠥᠩᠭᠦ ᠶᠢ ᠵᠣᠯᠭᠠᠭᠤᠯᠬᠤ ᠬᠡᠷᠡᠭᠯᠡᠯᠲᠡ ᠬᠠᠮᠢᠶᠠᠷᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2