ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
   6 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 6 ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠠᠵᠤ ᠠᠬᠤᠶᠢᠯᠠᠯ ᠪᠣᠯᠤᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︿ᠲᠦᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠬᠡᠰᠡᠭ ᠭᠠᠵᠠᠷ ᠣᠷᠣᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠷ ᠲᠠᠩᠬᠢᠮ ᠣᠷᠳᠣᠨ ᠢ ᠪᠠᠶᠢᠭᠤᠯᠤᠭᠰᠠᠨ ᠬᠡᠷᠡᠭ ᠤᠨ ᠵᠢᠱᠢᠶ᠎ᠡ ᠶᠢᠨ ᠲᠤᠬᠠᠢ ᠵᠠᠷᠯᠠᠯ︾᠂ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠠᠰᠠᠭᠤᠳᠠᠯ ᠤᠨ ᠲᠤᠬᠠᠢ ᠵᠠᠷᠯᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠤᠨ ᠤᠯᠤᠰ ᠲᠦᠷᠦ ᠶᠢᠨ ᠨᠢᠭᠡᠳᠦᠯ᠂ ᠦᠵᠡᠯ ᠰᠠᠨᠠᠭᠠᠨ ᠤ ᠨᠢᠭᠡᠳᠦᠯ᠂ ᠦᠢᠯᠡ ᠠᠵᠢᠯᠯᠠᠭ᠎ᠠ ᠶᠢ ᠨᠢᠭᠡᠳᠬᠡᠬᠦ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠶᠢᠨ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ᠂ ᠴᠠᠭ ᠦᠶᠡᠴᠢ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠷ ᠲᠠᠩᠬᠢᠮ ᠪᠠᠭᠤᠳᠠᠯ ᠭᠠᠵᠠᠷ ᠤᠨ ᠪᠠᠶᠢᠭᠤᠯᠤᠯᠲᠠ ᠶᠢ ᠴᠢᠩᠭ᠎ᠠ ᠡᠵᠡᠮᠳᠡᠬᠦ ᠨᠢ ᠨᠠᠮ ᠤᠨ ᠰᠤᠷᠲᠠᠯ ᠵᠠᠰᠠᠭ ᠤᠨ ᠰᠤᠷᠲᠠᠯ ᠲᠠᠢ ᠬᠤᠯᠪᠣᠭᠳᠠᠵᠤ᠂ ᠨᠠᠮ ᠪᠣᠯᠤᠨ ᠵᠠᠰᠠᠭ ᠤᠨ ᠣᠷᠳᠣᠨ ᠤ ᠲᠦᠷᠢ ᠲᠥᠷᠬᠦ ᠲᠠᠢ ᠬᠤᠯᠪᠣᠭᠳᠠᠨ᠎ᠠ᠃ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠶᠢ ᠨᠠᠷᠢᠨ ᠬᠢᠨᠠᠮᠠᠭᠠᠢ ᠰᠤᠷᠤᠯᠴᠠᠨ ᠮᠡᠳᠡᠭᠡᠯᠡᠵᠦ᠂ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠡᠷᠯᠡᠯ ᠪᠣᠯᠭᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠨᠠᠭᠰᠢᠳᠠ ᠴᠢᠩᠳᠠᠯᠠᠵᠤ᠂ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠲᠣᠭᠲᠠᠭᠠᠯ ᠠᠴᠠ ᠵᠥᠷᠢᠴᠡᠨ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ ᠲᠥᠪ ᠪᠤᠰᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2