ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/24
   6 ᠰᠠᠷ᠎ᠠ ᠶᠢᠨ 4 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠡᠷᠢᠭᠦᠯᠡᠭᠴᠢ ᠨᠠᠰᠤᠨᠪᠠᠲᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ᠂ ᠳᠡᠳ᠋ ᠲᠡᠷᠢᠭᠦᠯᠡᠭᠴᠢ ᠷᠧᠨ ᠬᠠᠢ ᠴᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠨᠠᠰᠤᠨᠪᠠᠲᠤ ᠤᠷᠢᠳ ᠬᠤᠵᠢᠳ ᠴᠢ ᠲᠠᠢ ᠪᠠᠯᠭᠠᠰᠤᠨ ᠤ ᠰᠢᠶᠠᠩ ᠾᠧ ᠨᠡᠶᠢᠭᠡᠮ ᠲᠣᠭᠤᠷᠢᠭ᠂ ᠰᠢᠶᠠᠨ ᠤ ᠮᠦᠽᠧᠢ᠂ ᠪᠠᠶᠢᠴᠠᠭᠠᠬᠤ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠣᠷᠳᠣᠨ᠂ ᠱᠢ ᠵᠢᠢ ᠪᠠᠭ᠎ᠠ ᠰᠤᠷᠭᠠᠭᠤᠯᠢ᠂ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠲᠠᠬᠢᠨ ᠳᠡᠭᠲᠡᠷ ᠲᠤ ᠭᠠᠷᠭᠠᠬᠤ ᠶᠢ ᠤᠯᠠᠮ ᠴᠢᠨᠠᠭᠰᠢᠳᠠ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠪᠠ ᠤᠯᠤᠰ ᠤᠨ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠥᠷᠨᠢᠭᠦᠯᠬᠦ ᠭᠤᠣᠯ ᠱᠤᠭᠤᠮ ᠮᠥᠨ᠂ ᠬᠤᠯᠪᠣᠭᠳᠠᠯ ᠪᠦᠬᠦᠢ ᠨᠢᠭᠡᠴᠢ ᠪᠠ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠬᠠᠮᠰᠠᠷᠲᠤ ᠴᠢᠨᠠᠷ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠱᠠᠯᠠᠪᠳᠠᠨ ᠪᠠᠬᠢᠵᠢᠭᠦᠯᠬᠦ ᠬᠡᠷᠡᠭᠲᠡᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠬᠥᠮᠦᠵᠢᠯ ᠤᠨ ᠠᠷᠭ᠎ᠠ ᠪᠠᠷᠢᠯ᠂ ᠠᠴᠢᠶᠠᠯᠠᠪᠤᠷᠢ ᠪᠠ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠦ᠂ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠴᠢᠩᠭᠠᠳᠬᠠᠵᠤ᠂ ᠲᠤᠰ ᠭᠠᠵᠠᠷ ᠤᠨ ᠤᠨᠴᠠᠯᠢᠭᠳᠤ ᠡᠬᠢ ᠪᠠᠶᠠᠯᠢᠭ ᠢ ᠭᠦᠢᠴᠡᠳ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠢᠨ᠎ᠡ ᠰᠡᠳᠦᠪ ᠢ ᠰᠠᠶᠢᠲᠤᠷ ᠪᠣᠯᠪᠠᠰᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠬᠥᠮᠦᠰ ᠤᠨ ᠰᠡᠳᠬᠢᠯ ᠳᠤ ᠤᠯᠠᠮ ᠴᠢᠨᠠᠭᠰᠢᠳᠠ ᠬᠠᠳᠠᠩᠰᠢᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠲᠣᠭᠤᠰᠢᠯᠠᠭᠤᠯᠵᠣ᠂ ᠪᠦᠬᠦ ᠰᠢᠶᠠᠨ ᠤ ᠤᠯᠠᠨ ᠲᠦᠮᠡᠨ ᠤ ᠪᠦᠯᠬᠦᠮᠳᠡᠯ ᠨᠥᠬᠦᠷᠰᠡᠭ᠂ ᠬᠠᠮᠲᠤ ᠪᠠᠷ ᠬᠦᠴᠦᠯᠡᠬᠦ ᠶᠢ ᠠᠬᠢᠭᠤᠯᠵᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠢ ᠪᠠᠶᠢᠭᠤᠯᠬᠤ ᠬᠡᠷᠡᠭᠲᠡᠢ ᠭᠡᠪᠡ᠃ᠣᠷᠴᠢᠭᠤᠯᠣᠭᠴᠢ  ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2