︽ᠲᠤᠯᠤᠭᠠᠨ ᠰᠠᠷ᠎ᠠ ᠶᠢᠨ ᠨᠢᠭᠡᠨ ᠢ ᠤᠭᠲᠤᠬᠤ ᠰᠢᠨᠵᠢᠯᠡᠬᠦ ᠤᠬᠠᠭᠠᠨᠲᠠᠳ ᠤᠨ ᠠᠵᠢᠯᠯᠠᠭ᠎ᠠ - 2024 ᠣᠨ ᠳᠤ ᠭᠠᠷ ᠭᠠᠷ ᠢᠶᠠᠨ ᠬᠤᠯᠪᠣᠯᠴᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠦᠯᠦᠯᠲᠡ ᠶᠢᠨ ᠬᠤᠷᠠᠯ︾ ᠥᠪᠥᠷ ᠮᠣᠩᠭᠤᠯ ᠤᠨ ᠤᠯᠠᠭᠠᠨᠴᠠᠪ ᠤᠨ ᠰᠤᠷᠭᠠᠭᠤᠯᠢ ᠶᠢᠨ ᠬᠦᠷᠢᠶᠡᠨ ᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠱᠠᠩᠳᠤ ᠰᠢᠶᠠᠨ ᠳᠤ ᠡᠬᠢᠯᠡᠪᠡ
ᠨᠡᠶᠢᠲᠡᠯᠡᠭᠰᠡᠨ ᠴᠠᠭ᠄
2024/6/24
   6 ᠰᠠᠷ᠎ᠠ ᠶᠢᠨ 19 ᠤ ᠡᠳᠦᠷ᠂ ︽ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠬᠦ ᠠᠷᠭ᠎ᠠ ᠶᠢ ᠰᠠᠶᠢᠲᠤᠷ ᠬᠡᠷᠡᠭᠯᠡᠬᠦ︾ ᠪᠠᠷ ᠭᠤᠣᠯ ᠰᠡᠳᠦᠪ ᠪᠣᠯᠭᠠᠭᠰᠠᠨ ︽ᠲᠤᠯᠤᠭᠠᠨ ᠰᠠᠷ᠎ᠠ ᠶᠢᠨ ᠨᠢᠭᠡᠨ ᠢ ᠤᠭᠲᠤᠬᠤ ᠰᠢᠨᠵᠢᠯᠡᠬᠦ ᠤᠬᠠᠭᠠᠨᠲᠠᠳ ᠤᠨ ᠠᠵᠢᠯᠯᠠᠭ᠎ᠠ - 2024 ᠣᠨ ᠤ ᠭᠠᠷ ᠠᠳᠬᠤᠯᠴᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠦᠯᠦᠯᠲᠡ ᠶᠢᠨ ᠬᠤᠷᠠᠯ︾ ᠥᠪᠥᠷ ᠮᠣᠩᠭᠤᠯ ᠤᠨ ᠤᠯᠠᠭᠠᠨᠴᠠᠪ ᠤᠨ ᠰᠤᠷᠭᠠᠭᠤᠯᠢ ᠶᠢᠨ ᠬᠦᠷᠢᠶᠡᠨ ᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠱᠠᠩᠳᠤ ᠰᠢᠶᠠᠨ ᠳᠤ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ᠂ ᠴᠢᠩᠬᠤᠸᠠ ᠶᠡᠭᠡ ᠰᠤᠷᠭᠠᠭᠤᠯᠢ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠠᠷᠢᠶᠠᠨ ᠤ ᠪᠦᠯᠬᠦᠮ ᠤᠨ ᠪᠦᠷᠢᠯᠳᠦᠬᠦᠨ᠂ ᠬᠤᠲᠠ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠯᠢ ᠶᠠ ᠳ᠋ᠦᠩ ᠡᠬᠢᠯᠡᠯᠲᠡ ᠶᠢᠨ ᠶᠣᠰᠣᠯᠠᠯ ᠳᠡᠭᠡᠷ᠎ᠡ ᠴᠢᠩᠬᠤᠸᠠ ᠶᠡᠭᠡ ᠰᠤᠷᠭᠠᠭᠤᠯᠢ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶ᠎ᠠ ᠢᠯᠡᠳᠬᠡᠯ ᠤᠨ ᠪᠦᠯᠬᠦᠮ ᠤᠨ ᠬᠦᠷᠴᠦ ᠢᠷᠡᠭᠰᠡᠨ ᠳᠤ ᠲᠠᠯᠠᠷᠬᠠᠬᠤ ᠶᠢᠨ ᠬᠠᠮᠲᠤ᠂ ᠮᠠᠨ ᠤ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠠᠵᠢᠯᠯᠠᠭ᠎ᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠠᠭᠤᠷ ᠠᠮᠢᠰᠬᠤᠯ ᠡᠳᠦᠷ ᠢᠷᠡᠬᠦᠶ᠎ᠡ ᠭᠦᠨ ᠵᠤᠵᠠᠭᠠᠨ ᠪᠣᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠠᠭᠤᠷᠢ ᠲᠠᠰᠤᠷᠠᠯᠲᠠ ᠦᠭᠡᠢ ᠪᠠᠬᠢᠵᠢᠵᠦ᠂ 2023 ᠣᠨ ᠳᠤ ᠪᠦᠬᠦ ᠰᠢᠶᠠᠨ ᠢᠶᠠᠷ ᠢᠶᠠᠨ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 25% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠪᠦᠷᠬᠦᠴᠡ ᠶᠢᠨ ᠨᠤᠷᠮ᠎ᠠ 79.44% ᠳᠤ ᠬᠦᠷᠴᠦ᠂ ᠪᠦᠬᠦ ᠬᠤᠳᠠ ᠶᠢᠨ ᠨᠢᠭᠡᠳᠦᠭᠡᠷ ᠲᠤ ᠣᠷᠣᠪᠠ᠃ ᠶᠠᠷᠢᠶᠠᠨ ᠤ ᠪᠦᠯᠬᠦᠮ ᠤᠨ ᠫᠷᠤᠹᠧᠰᠰᠤᠷ ᠥᠩᠭᠡᠷᠡᠭᠰᠡᠨ ᠲᠠᠢ ᠪᠠᠨ ᠠᠳᠠᠯᠢ ᠪᠠᠷ ᠱᠠᠩᠳᠤ ᠰᠢᠶᠠᠨ ᠢ ᠬᠠᠯᠠᠮᠵᠢᠯᠠᠨ ᠳᠡᠮᠵᠢᠵᠦ᠂ ᠮᠠᠨ ᠤ ᠰᠢᠶᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠳᠤ ᠨᠡᠩ ᠤᠯᠠᠨ ᠵᠢᠯᠤᠭᠤᠳᠤᠯᠭ᠎ᠠ ᠥᠭᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠶᠠᠷᠢᠶᠠᠨ ᠤ ᠪᠦᠯᠬᠦᠮ ᠤᠨ ᠪᠦᠷᠢᠯᠳᠦᠬᠦᠨ ᠨᠡᠷ ᠲᠤᠰ ᠲᠤᠰ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠬᠠᠢ ᠶᠠᠷᠢᠶ᠎ᠠ ᠢᠯᠡᠳᠬᠡᠯ ᠬᠢᠵᠦ᠂ ᠠᠭᠤᠯᠭ᠎ᠠ ᠨᠢ ᠴᠢᠫ᠂ ᠵᠠᠮᠴᠢᠯᠠᠬᠤ᠂ ᠰᠠᠨᠰᠠᠷ ᠤᠨ ᠠᠶᠠᠯᠠᠯ᠂ ᠠᠮᠢᠳᠤ ᠪᠣᠳᠠᠰ ᠵᠡᠷᠭᠡ ᠤᠯᠠᠨ ᠠᠭᠤᠯᠭ᠎ᠠ ᠲᠠᠢ ᠬᠤᠯᠪᠣᠭᠳᠠᠵᠤ᠂ ᠨᠠᠷᠢᠨ ᠨᠢᠭᠲᠠ ᠠᠮᠢᠳᠤᠯᠢᠭ ᠲᠠᠶᠢᠯᠪᠤᠷᠢᠯᠠᠬᠤ ᠪᠠᠷ ᠳᠠᠮᠵᠢᠨ ᠰᠤᠷᠤᠭᠴᠢᠳ ᠤᠨ ᠬᠠᠷᠠᠭ᠎ᠠ ᠶᠢ ᠥᠷᠭᠡᠳᠬᠡᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃    ︽ᠰᠡᠷᠭᠡᠶᠢᠯᠡᠯᠲᠡ ᠨᠢ ᠲᠦᠷᠤ ᠦᠭᠡᠢ ᠵᠤᠴᠢᠳ ᠲᠤ᠂ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠰᠠᠬᠢᠨ ᠬᠠᠮᠠᠭᠠᠯᠠᠶ᠎ᠠ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶ᠎ᠠ ᠢᠯᠡᠳᠬᠡᠯ ᠢ ᠰᠣᠨᠣᠰᠴᠤ ᠪᠠᠷᠠᠭᠰᠠᠨ ᠤ ᠳᠠᠷᠠᠭ᠎ᠠ᠂ ᠱᠢ ᠵᠢᠢ ᠪᠠᠭ᠎ᠠ ᠰᠤᠷᠭᠠᠭᠤᠯᠢ ᠶᠢᠨ ᠰᠤᠷᠤᠭᠴᠢ ᠯᠢᠦ ᠵᠢᠶᠠ ᠯᠢᠩ ᠲᠦᠢᠯ ᠢᠶᠠᠷ ᠪᠠᠶᠠᠷᠯᠠᠵᠤ᠂ ᠲᠡᠷᠡ᠄ ︽ᠰᠢᠶᠤᠤ ᠵᠧᠦ ᠪᠠᠭᠰᠢ ᠶᠢᠨ ᠪᠢᠳᠡᠨ ᠳᠤ ᠭᠤᠶᠢᠳᠠ ᠰᠠᠶᠢᠬᠠᠨ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠡᠨᠡ ᠤᠳᠠᠭᠠᠨ ᠤ ᠲᠠᠶᠢᠯᠤᠮᠵᠢ ᠪᠠᠷ ᠳᠠᠮᠵᠢᠨ᠂ ᠪᠢ ᠰᠠᠨᠰᠠᠷ ᠤᠨ ᠠᠶᠠᠯᠠᠯ ᠤᠨ ᠮᠡᠳᠡᠯᠭᠡ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ ᠮᠢᠨᠦ ᠰᠠᠨᠰᠠᠷ ᠤᠨ ᠠᠶᠠᠯᠠᠯ ᠤᠨ ᠵᠡᠭᠦᠳᠦ ᠪᠠᠨ ᠴᠦ ᠰᠡᠭᠡᠭᠡᠷᠡᠭᠦᠯᠪᠡ᠂ ᠪᠢ ᠥᠪᠡᠷ ᠢᠶᠠᠨ ᠴᠢᠷᠮᠠᠶᠢᠨ ᠰᠤᠷᠤᠯᠴᠠᠵᠤ᠂ ᠦᠰᠦᠨ ᠪᠤᠶᠢᠵᠢᠭᠰᠠᠨ ᠤ ᠳᠠᠷᠠᠭ᠎ᠠ ᠰᠠᠨᠰᠠᠷ ᠤᠨ ᠠᠶᠠᠯᠠᠯ ᠤᠨ ᠡᠨᠡ ᠲᠠᠯ᠎ᠠ ᠶᠢᠨ ᠦᠢᠯᠡᠰ ᠢ ᠬᠢᠵᠦ᠂ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠲᠥᠯᠥᠭᠡ ᠥᠪᠡᠷ ᠤᠨ ᠥᠴᠦᠬᠡᠨ ᠬᠦᠴᠦ ᠪᠠᠨ ᠡᠷᠭᠦᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃    ᠴᠢᠩᠬᠤᠸᠠ ᠶᠡᠭᠡ ᠰᠤᠷᠭᠠᠭᠤᠯᠢ ᠶᠢᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠶᠠᠷᠢᠶ᠎ᠠ ᠢᠯᠡᠳᠬᠡᠯ ᠤᠨ ᠪᠦᠯᠬᠦᠮ ᠤᠨ ᠭᠡᠰᠢᠭᠦᠨ ᠵᠧᠦ ᠯᠠᠨ ᠬᠤᠸᠠ ᠱᠠᠩᠳᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠬᠠᠴᠢᠨ ᠰᠣᠨᠢᠨ ᠭᠠᠳᠠᠷ ᠬᠤᠪᠴᠠᠰᠤ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶ᠎ᠠ ᠢᠯᠡᠳᠬᠡᠯ ᠬᠢᠭᠰᠡᠨ ᠤ ᠳᠠᠷᠠᠭ᠎ᠠ᠂ ᠠᠳᠡ ᠪᠠᠶᠢᠭ᠎ᠠ ᠰᠤᠷᠤᠭᠴᠢᠳ ᠢ ᠢᠳᠡᠪᠬᠢᠲᠡᠶ ᠪᠠᠷ ᠬᠥᠳᠡᠯᠦᠯᠴᠡᠵᠦ᠂ ᠰᠢᠨᠵᠢᠯᠡᠬᠦ ᠤᠬᠠᠭᠠᠨ ᠢ ᠬᠠᠶᠢᠷᠠᠯᠠᠬᠤ ᠣᠪᠣᠷ ᠢ ᠮᠠᠰᠢ ᠮᠠᠭᠲᠠᠨ ᠰᠠᠶᠢᠰᠢᠶᠠᠵᠤ ᠪᠠᠶᠢᠨ᠎ᠠ᠂ ᠲᠡᠷᠡ᠄ ︽ᠥᠨᠥᠳᠦᠷ ᠱᠠᠩᠳᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠢᠷᠡᠵᠦ ᠰᠤᠷᠤᠭᠴᠢᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠭᠤᠯᠢ ᠶᠢᠨ ᠬᠦᠷᠢᠶᠡᠨ ᠤ ᠲᠣᠭᠤᠷᠢᠨ ᠶᠠᠷᠢᠶ᠎ᠠ ᠲᠠᠯᠪᠢᠭᠰᠠᠨ ᠳᠠᠭᠠᠨ ᠮᠠᠰᠢ ᠪᠠᠶᠠᠷᠯᠠᠵᠤ᠂ ᠬᠡᠦᠬᠡᠳ ᠤᠳ ᠲᠤ ᠮᠠᠰᠢ ᠬᠥᠷ ᠬᠥᠭᠵᠢᠶᠡᠨ ᠲᠠᠢ ᠰᠠᠨᠠᠭᠳᠠᠵᠤ ᠪᠠᠶᠢᠨ᠎ᠠ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠨ᠎ᠠ᠃ ᠬᠤᠵᠢᠮ ᠪᠢ ᠬᠤᠶᠢᠰᠢᠳᠠ ᠨᠡᠩ ᠤᠯᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠡᠦᠬᠡᠳ ᠤᠳ ᠲᠤ ᠨᠡᠩ ᠤᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠬᠢᠶᠠᠯ ᠣᠯᠭᠤᠵᠤ᠂ ᠬᠡᠦᠬᠡᠳ ᠤᠳ ᠤᠨ ᠰᠣᠨᠢᠭᠤᠴᠢ ᠰᠡᠳᠬᠢᠯᠭᠡ ᠪᠣᠯᠤᠨ ᠮᠡᠳᠡᠯᠭᠡ ᠰᠤᠷᠬᠤ ᠬᠦᠰᠡᠯ ᠢ ᠬᠥᠭᠵᠢᠭᠡᠵᠦ᠂ ᠤᠯᠠᠨ ᠢ ᠢᠳᠡᠪᠬᠢᠲᠡᠢ ᠰᠡᠳᠬᠢᠨ ᠪᠣᠳᠣᠯᠬᠢᠯᠠᠵᠤ᠂ ᠨᠡᠩ ᠰᠢᠨᠵᠢᠯᠡᠬᠦ ᠤᠬᠠᠭᠠᠨ ᠢ ᠨᠡᠩ ᠬᠠᠶᠢᠷᠠᠯᠠᠵᠤ᠂ ᠰᠢᠨᠵᠢᠯᠡᠬᠦ ᠤᠬᠠᠭᠠᠨ ᠢ ᠰᠤᠳᠤᠯᠵᠤ᠂ ᠬᠤᠵᠢᠮ ᠰᠢᠨᠵᠢᠯᠡᠬᠦ ᠤᠬᠠᠭᠠᠨ ᠤ ᠲᠥᠯᠥᠭᠡ ᠴᠢᠷᠮᠠᠶᠢᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2