ᠱᠠᠩᠳᠤ ᠰᠢᠶᠠᠨ ︽ᠬᠠᠤᠯᠢ ᠪᠠᠷ ᠵᠠᠰᠠᠬᠤ ᠱᠠᠩᠳᠤ ᠶᠢᠨ ᠦᠨᠡᠨᠴᠢ ᠢᠲᠡᠭᠡᠮᠵᠢᠲᠡᠶ ᠱᠠᠩᠳᠤ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/24
    ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠬᠢᠭᠡᠳ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ᠂ ᠱᠠᠩᠳᠤ ᠰᠢᠶᠠᠨ ︽ᠬᠠᠤᠯᠢ ᠪᠠᠷ ᠵᠠᠰᠠᠬᠤ ᠱᠠᠩᠳᠤ ᠶᠢᠨ ᠦᠨᠡᠨᠴᠢ ᠢᠲᠡᠭᠡᠮᠵᠢᠲᠡᠶ ᠱᠠᠩᠳᠤ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠼᠦᠢ ᡁᠢ ᠸᠧᠶ ᠠᠵᠢᠯᠯᠠᠭ᠎ᠠ ᠶᠢ ᠡᠷᠭᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠨᠢᠭᠡᠴᠡ ᠣᠷᠣᠯᠴᠠᠵᠠᠶ᠃    ᠠᠵᠢᠯᠯᠠᠭ᠎ᠠ ᠨᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠵᠥᠪᠯᠡᠯᠭᠡ ᠥᠭᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠪᠠᠶᠢᠩᠭᠤ ᠲᠣᠬᠢᠶᠠᠯᠳᠤᠳᠠᠭ ᠢᠲᠡᠭᠡᠮᠵᠢ ᠶᠢᠨ ᠶᠠᠯᠠᠲᠤ ᠠᠵᠢᠯᠯᠠᠭ᠎ᠠ ᠶᠢᠨ ᠲᠥᠷᠥᠯ ᠬᠡᠯᠪᠡᠷᠢ ᠪᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠤᠨ ᠦᠨᠡᠨᠴᠢ ᠢᠲᠡᠭᠡᠮᠵᠢ ᠶᠢᠨ ᠵᠠᠷᠴᠢᠮ ᠢ ᠲᠠᠨᠢᠯᠴᠠᠭᠤᠯᠵᠤ᠂ ᠣᠯᠠᠨ ᠨᠡᠶᠢᠲᠡ ᠳᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠲᠦ ᠶᠢᠨ ᠨᠥᠯᠥᠭᠡ ᠶᠢ ᠣᠶᠢᠯᠠᠭᠠᠭᠤᠯᠵᠤ᠂ ᠨᠡᠶᠢᠭᠡᠮ ᠨᠡᠶᠢᠲᠡ ᠶᠢᠨ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠎ᠠ᠃    ᠤᠬᠠᠭᠤᠯᠭ᠎ᠠ ᠪᠠᠷ ᠳᠠᠮᠵᠢᠭᠤᠯᠤᠨ ︽ᠦᠨᠡᠨᠴᠢ ᠢᠲᠡᠭᠡᠮᠵᠢ ᠢᠷᠠᠭᠤ ᠠᠯᠳᠠᠷᠲᠠᠶ᠂ ᠢᠲᠡᠭᠡᠯ ᠠᠯᠳᠠᠬᠤ ᠨᠢ ᠢᠴᠢᠭᠦᠷᠢ ᠭᠤᠲᠤᠮᠰᠢᠭ︾ ᠨᠡᠶᠢᠭᠡᠮ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠠᠶᠢᠭᠤᠯᠵᠤ᠂ ᠶᠣᠰᠣ ᠮᠣᠷᠠᠯ ᠢ ᠵᠢᠷᠤᠮᠯᠠᠨ ᠰᠠᠬᠢᠬᠤ᠂ ᠰᠤᠷᠲᠠᠯ ᠴᠢᠬᠡᠴᠢ ᠣᠪᠣᠷ ᠲᠥᠪ ᠭᠦᠨ ᠵᠤᠵᠠᠭᠠᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2