ᠱᠠᠩᠳᠤ ᠰᠢᠶᠠᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠶᠤᠯᠭᠦᠶ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/24
    2024 ᠣᠨ ᠤ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠭᠦᠨᠵᠡᠭᠡᠢ ᠠᠬᠢᠭᠤᠯᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 16 ᠤ ᠡᠳᠦᠷ᠂ ᠱᠠᠩᠳᠤ ᠰᠢᠶᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ - ᠠᠮᠢ ᠨᠠᠰᠤᠨ ᠤ ᠵᠠᠮ ᠢ ᠰᠢᠯᠤᠭᠤᠳᠬᠠᠬᠤ︾ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ ᠡᠳᠦᠷ ᠤᠨ ᠠᠵᠢᠯᠯᠠᠭ᠎ᠠ ᠶᠢ ᠡᠷᠬᠢᠯᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠦᠵᠡᠭᠦᠯᠭᠡ ᠶᠢᠨ ᠲᠠᠪᠴᠠᠩ ᠤᠨ ᠲᠣᠭᠤᠷᠢᠭ᠂ ᠦᠵᠡᠭᠦᠯᠭᠡ ᠶᠢᠨ ᠰᠠᠮᠪᠠᠷ᠎ᠠ ᠶᠢᠨ ᠦᠵᠡᠭᠦᠯᠭᠡ ᠶᠢᠨ ᠲᠣᠭᠤᠷᠢᠭ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠪᠡᠶᠡᠴᠢᠯᠡᠨ ᠣᠶᠢᠯᠠᠭᠠᠬᠤ ᠲᠣᠭᠤᠷᠢᠭ᠂ ᠭᠠᠯ ᠤᠨᠲᠠᠷᠠᠭᠠᠬᠤ ᠪᠡᠯᠡᠳᠬᠡᠮᠵᠢ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠣᠷᠣᠨ ᠪᠦᠰᠡ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠨᠢᠭᠤᠷᠲᠠᠨ ᠠᠰᠠᠭᠤᠯᠲᠠ ᠬᠠᠷᠢᠭᠤᠯᠬᠤ ᠠᠰᠠᠭᠤᠨ ᠯᠠᠪᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠪᠡ᠃    ᠱᠠᠩᠳᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠦ᠋ ᠵᠢᠶᠠᠨ ᠪᠢᠨ᠄ ︽ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠶᠢᠨ ᠵᠣᠷᠢᠯᠭ᠎ᠠ ᠪᠣᠯ ᠠᠮᠤᠷ ᠲᠦᠪᠰᠢᠨ ᠤ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠠᠮᠤᠷ ᠲᠦᠪᠰᠢᠨ ᠤ ᠰᠣᠶᠣᠯ ᠢ ᠪᠠᠳᠠᠷᠠᠭᠤᠯᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠶᠤᠮ︾ ᠭᠡᠵᠦ ᠢᠯᠡᠳᠬᠡᠪᠡ᠃    ᠱᠠᠩᠳᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠵᠡᠷᠭᠡ ᠰᠠᠯᠠᠭ᠎ᠠ ᠮᠥᠴᠢᠷ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2