ᠮᠣᠣ ᠳ᠋ᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠪᠦᠬᠦ ᠰᠢᠶᠠᠩ ᠤᠨ ᠡᠯ᠎ᠡ ᠲᠣᠰᠬᠤᠨ ᠳᠤ ︽ᠪᠢ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ ᠢ ᠥᠩᠭᠡᠷᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠦᠵᠡᠯ ᠰᠠᠨᠠᠭᠠᠨ ᠤ ᠨᠥᠯᠥᠭᠡ ᠪᠠ ᠰᠣᠶᠣᠯ ᠤᠨ ᠠᠭᠤᠷ ᠠᠮᠢᠰᠬᠤᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭᠠᠨ ᠤ ᠰᠣᠶᠣᠯ ᠢ ᠪᠠᠶᠠᠯᠢᠭᠵᠢᠭᠤᠯᠬᠤ ᠶᠢᠨ ᠲᠥᠯᠥᠭᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠲᠠᠰᠢᠷᠠᠮ ᠳᠤ᠂ ᠮᠣᠣ ᠳ᠋ᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭ᠎ᠠ ᠪᠥᠬᠦ ᠰᠢᠶᠠᠩ ᠤᠨ ᠡᠯ᠎ᠡ ᠲᠣᠰᠬᠤᠨ ᠳᠤ ︽ᠪᠢ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠦᠩᠭᠡᠷᠡᠭᠦᠯᠬᠦ︾ ᠠᠵᠢᠯᠯᠠᠭ᠎ᠠ ᠥᠷᠨᠢᠭᠦᠯᠪᠡ᠃    ᠴᠢᠤᠸᠠᠨ ᠽᠢ ᠭᠸᠤ ᠲᠣᠰᠬᠤᠨ ᠤ ᠠᠷᠠᠳ ᠥᠪᠡᠷ ᠤᠨ ᠭᠠᠷ ᠢᠶᠠᠷ ᠢᠶᠠᠨ ᠽᠦᠩᠽᠢ᠂ ᠲᠠᠪᠤᠨ ᠥᠩᠭᠡ ᠶᠢᠨ ᠲᠡᠮᠳᠡᠭ᠂ ᠦᠨᠦᠷᠲᠦ ᠪᠣᠣᠪᠤ᠂ ᠲᠠᠪᠤᠨ ᠥᠩᠭᠡᠲᠦ ᠳᠡᠭᠡᠰᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠤᠯᠠᠮᠵᠢᠯᠠᠯᠲᠤ ᠵᠠᠩᠰᠢᠯ ᠤᠨ ᠷᠢᠳᠢ ᠰᠢᠳᠢ ᠶᠢ ᠮᠡᠳᠡᠷᠡᠪᠡ᠃ ᠥᠩᠭᠡ ᠢᠯᠭᠠᠷᠠᠭᠰᠠᠨ ᠲᠠᠪᠤᠨ ᠥᠩᠭᠡ ᠶᠢᠨ ᠲᠡᠮᠳᠡᠭ ᠪᠠ ᠨᠠᠷᠢᠨ ᠨᠢᠮᠪᠠᠶ ᠣᠶᠣᠵᠤ ᠬᠢᠭᠰᠡᠨ ᠦᠨᠦᠷᠲᠦ ᠪᠣᠭᠴᠣ ᠨᠤᠭᠤᠳ ᠨᠢ ᠹᠦ᠋ ᠨᠠᠢ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠥᠯᠥᠭᠡᠯᠡᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ ᠥᠩᠭᠡ ᠪᠤᠳᠤᠭ ᠲᠠᠢ ᠶᠤᠮ᠃ ᠡᠳᠡᠭᠡᠷ ᠬᠠᠷᠢᠯᠴᠠᠨ ᠬᠥᠳᠡᠯᠦᠯᠴᠡᠬᠦ ᠭᠤᠭᠴᠤᠭ᠎ᠠ ᠪᠠᠷ ᠳᠠᠮᠵᠢᠭᠤᠯᠤᠨ᠂ ᠣᠯᠠᠨ ᠳᠤ ᠤᠯᠠᠮᠵᠢᠯᠠᠯᠲᠤ ᠰᠣᠶᠣᠯ ᠪᠣᠯᠤᠨ ᠣᠳᠣ ᠦᠶ᠎ᠡ ᠶᠢᠨ ᠠᠮᠢᠳᠤᠷᠠᠯ ᠤᠨ ᠭᠦᠨᠵᠡᠭᠡᠶ ᠤᠶᠠᠯᠳᠤᠯ ᠢ ᠤᠯᠠᠮ ᠨᠢᠭᠡ ᠠᠯᠬᠤᠮ ᠮᠡᠳᠡᠷᠡᠭᠦᠯᠪᠡ᠃    ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠬᠠᠮᠤᠭ ᠤᠨ ᠴᠥᠭᠡᠨ ᠪᠤᠰᠤ ᠵᠦᠢᠯ ᠪᠣᠯᠤᠨ᠎ᠠ᠃ ︽ᠬᠤᠶᠠᠷ ᠵᠥᠪᠯᠡᠯ︾ ᠤᠨ ᠬᠥᠮᠦᠰ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 450 ᠽᠦᠩᠽᠢ ᠶᠢ ᠥᠨᠥᠴᠢᠨ ᠪᠡᠯᠪᠡᠰᠦᠨ ᠨᠠᠰᠤᠲᠠᠨ᠂ ᠵᠡᠮᠳᠡᠭ ᠨᠠᠰᠤᠲᠠᠨ᠂ ᠥᠨᠳᠥᠷ ᠨᠠᠰᠤᠲᠠᠶ ᠨᠠᠰᠤᠲᠠᠶᠢᠴᠤᠳ ᠲᠤ ᠬᠦᠷᠭᠡᠵᠦ᠂ ᠲᠡᠳᠡᠨ ᠳᠤ ᠠᠮᠲᠠ ᠲᠠᠢ ︽ᠬᠠᠶᠢᠷ᠎ᠠ ᠶᠢᠨ ᠽᠦᠩᠽᠢ︾ ᠬᠦᠷᠭᠡᠭᠰᠡᠨ ᠪᠥᠭᠡᠳ ᠴᠢᠩ ᠰᠡᠳᠬᠢᠯ ᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠪᠣᠯᠪᠠᠰᠤᠨ ᠳᠤ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠬᠠᠮᠲᠤ ᠪᠠᠰᠠ ᠨᠡᠩ ᠤᠯᠠᠨ ᠬᠥᠮᠦᠰ ᠢ ᠨᠠᠰᠤᠲᠠᠨ ᠢ ᠠᠩᠬᠠᠷᠴᠤ᠂ ᠨᠠᠰᠤᠲᠠᠨ ᠢ ᠬᠦᠨᠳᠦᠯᠡᠵᠦ᠂ ᠬᠥᠮᠦᠨ ᠪᠦᠬᠦᠨ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠤᠷᠢᠶᠠᠯᠠᠵᠤ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠮᠣᠣ ᠳ᠋ᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠯᠠᠮᠵᠢᠯᠠᠯᠲᠤ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠪᠠᠶᠠᠯᠢᠭ ᠰᠠᠶᠢᠬᠠᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠰᠬᠤᠨ ᠤ ᠠᠷᠠᠳ ᠤᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2