ᠱᠠᠩᠳᠤ ᠰᠢᠶᠠᠨ ᠤ ᠮᠣᠳᠣ ᠰᠢᠶᠠᠩ ᠤᠨ ᠮᠣᠳᠣ ᠲᠣᠰᠬᠤᠨ ᠳᠤ ᠨᠣᠭᠤᠭᠠᠷᠠᠭᠤᠯᠵᠤ ᠨᠥᠬᠦᠵᠦ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
    ᠵᠤᠨ ᠤ ᠰᠠᠢᠨ ᠢ ᠬᠥᠰᠡᠷᠳᠡᠭᠦᠯᠬᠦ ᠦᠭᠡᠢ ᠪᠠᠷ ᠨᠣᠭᠤᠭᠠᠷᠠᠭᠤᠯᠤᠯᠲᠠ ᠶᠢᠨ ᠠᠷᠠᠴᠢᠯ ᠠᠯᠲᠠ ᠶᠠᠭ ᠴᠠᠭ᠃ ᠪᠠᠰᠠ ᠨᠢᠭᠡ ᠵᠢᠯ ᠰᠠᠶᠢᠬᠠᠨ ᠬᠠᠪᠤᠷ ᠤᠨ ᠲᠤᠶᠠᠭᠠᠨ᠂ ᠪᠠᠰᠠ ᠨᠢᠭᠡ ᠵᠢᠯ ᠮᠣᠳᠣ ᠲᠠᠷᠢᠬᠤ ᠦᠶ᠎ᠡ ᠳᠤ᠂ ᠮᠣᠣ ᠳ᠋ᠦ᠋ ᠰᠢᠶᠠᠩ ᠤᠨ ᠮᠣᠳᠣ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠶᠢᠨ ᠤᠢ ᠮᠣᠳᠣ ᠨᠢᠭᠡᠨᠲᠡ ᠤᠷᠭᠤᠵᠤ᠂ ᠠᠮᠢᠵᠢᠷᠠᠯ ᠤᠨ ᠬᠦᠴᠦᠨ ᠢᠶᠠᠷ ᠪᠢᠯᠬᠠᠬᠤ ᠶᠢᠨ ᠬᠠᠮᠲᠤ ᠪᠠᠰᠠ ᠬᠤᠯᠢᠯᠳᠤᠨ ᠦᠬᠦᠭᠰᠡᠨ ᠮᠣᠳᠣᠨ ᠤ ᠰᠠᠯᠠᠭ᠎ᠠ ᠮᠥᠴᠢᠷ ᠪᠣᠯᠵᠤ᠂ ᠮᠣᠳᠣ ᠲᠣᠰᠬᠤᠨ ᠤ ᠳᠦᠷᠰᠦ ᠪᠠᠶᠢᠳᠠᠯ ᠢ ᠨᠥᠯᠥᠭᠡᠯᠡᠪᠡ᠃    ᠣᠷᠴᠢᠨ ᠲᠣᠭᠤᠷᠢᠨ ᠢ ᠤᠯᠠᠮ ᠴᠢᠨᠠᠭᠰᠢᠳᠠ ᠨᠣᠭᠤᠭᠠᠷᠠᠭᠤᠯᠵᠤ ᠭᠤᠶᠤᠵᠢᠭᠤᠯᠵᠤ᠂ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠲᠣᠰᠬᠤᠨ ᠤ ᠨᠠᠮ ᠤᠨ ᠡᠭᠦᠷ ᠤᠨ ᠱᠦᠵᠢ ᠵᠠᠩ ᠴᠢ ᠪᠣᠯᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠦᠸᠧ ᠳ᠋ᠠ ᠶᠦᠩ ᠨᠠᠷᠢᠨ ᠨᠢᠮᠪᠠᠢ ᠲᠤᠬᠢᠷᠠᠭᠤᠯᠵᠤ᠂ ᠢᠳᠡᠪᠬᠢᠲᠡᠢ ᠬᠥᠳᠡᠯᠦᠯᠴᠡᠵᠦ᠂ ᠨᠣᠭᠤᠭᠠᠷᠠᠭᠤᠯᠤᠯᠲᠠ ᠶᠢ ᠨᠥᠬᠦᠵᠦ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠪᠦᠬᠦ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃    ᠣᠢ ᠮᠣᠳᠣ ᠶᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠣᠭᠤᠭᠠᠷᠠᠭᠤᠯᠤᠯᠲᠠ ᠶᠢᠨ ᠪᠦᠰᠡ ᠶᠢᠨ ᠤᠰᠤᠯᠠᠯᠲᠠ ᠪᠠ ᠦᠬᠦᠭᠰᠡᠨ ᠮᠣᠳᠣ ᠶᠢ ᠴᠡᠪᠡᠷᠯᠡᠬᠦ ᠠᠵᠢᠯᠯᠠᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂ ᠨᠥᠬᠦᠵᠦ ᠲᠠᠷᠢᠬᠤ ᠠᠯᠬᠤᠴᠠ ᠪᠠᠨ ᠱᠠᠯᠠᠪᠳᠠᠨ ᠬᠢᠵᠦ᠂ ᠮᠣᠣ ᠳ᠋ᠦ᠋ ᠲᠣᠰᠬᠤᠨ ᠣᠳᠣᠬᠠᠨ ᠤ ᠮᠣᠳᠣ ᠲᠠᠷᠢᠵᠤ ᠣᠶᠢᠵᠢᠭᠤᠯᠬᠤ ᠲᠣᠬᠢᠶᠠᠯ ᠢ ᠠᠮᠵᠢᠨ᠂ ᠮᠣᠣ ᠳ᠋ᠦ᠋ ᠲᠣᠰᠬᠤᠨ ᠤ ᠮᠤᠤ ᠰᠢ ᠱᠤᠭᠤᠮ ᠳᠤ 500 ᠰᠠᠭᠤᠷᠢ ᠭᠤᠣᠯᠲᠤ ᠪᠤᠳᠠ ᠮᠣᠳᠣ ᠶᠢ ᠨᠥᠬᠦᠵᠦ ᠲᠠᠷᠢᠵᠤ᠂ ᠰᠣᠶᠣᠯ ᠤᠨ ᠠᠭᠤᠳᠠᠮ ᠲᠠᠯᠠᠪᠠᠢ ᠳᠤ 500 ᠰᠠᠭᠤᠷᠢ ᠭᠤᠣᠯᠲᠤ ᠪᠤᠳᠠ ᠮᠣᠳᠣ ᠶᠢ ᠨᠥᠬᠦᠵᠦ ᠲᠠᠷᠢᠵᠠᠢ᠂ ᠡᠳᠡᠭᠡᠷ ᠤᠢ ᠮᠣᠳᠣ ᠨᠢ ᠣᠷᠴᠢᠨ ᠲᠣᠭᠤᠷᠢᠨ ᠢ ᠭᠤᠶᠣᠯᠠᠭᠰᠠᠨ ᠪᠥᠭᠡᠳ ᠲᠣᠰᠬᠤᠨ ᠤ ᠠᠷᠠᠳ ᠲᠤ ᠰᠢᠨ᠎ᠡ ᠰᠣᠷᠭᠤᠭ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2