ᠱᠠᠩᠳᠤ ᠰᠢᠶᠠᠨ ᠤ ᠮᠣᠳᠣ ᠰᠢᠶᠠᠩ ᠵᠢᠷᠭᠤᠳᠤᠭᠠᠷ ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
   2024 ᠣᠨ ᠤ 6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠮᠣᠳᠣ ᠰᠢᠶᠠᠩ ᠵᠢᠷᠭᠤᠳᠤᠭᠠᠷ ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠮᠡᠳᠡᠭᠳᠡᠯ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠢᠶᠠᠷ ᠭᠤᠤᠯ ᠰᠡᠳᠦᠪ ᠪᠣᠯᠭᠠᠨ ᠭᠦᠨᠵᠡᠭᠡᠶ ᠰᠤᠷᠤᠯᠴᠠᠪᠠ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠦᠨᠳᠦᠰᠦ ᠠᠴᠠ ᠨᠢ ᠵᠠᠰᠠᠬᠤ ᠪᠣᠳᠣᠯᠭ᠎ᠠ ᠮᠥᠨ ᠭᠡᠳᠡᠭ ᠢ ᠭᠦᠨᠵᠡᠭᠡᠶ ᠣᠶᠢᠯᠠᠭᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠶ ᠡᠵᠡᠮᠳᠡᠬᠦ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠰᠡᠷᠭᠡᠶᠢᠯᠡᠯᠲᠡ ᠶᠢᠨ ᠱᠤᠭᠤᠮ︾ ᠮᠥᠨ᠂ ᠪᠦᠬᠦ ᠨᠠᠮ ᠤᠨ ᠡᠷᠬᠡᠪᠰᠢ ᠵᠢᠷᠤᠮᠯᠠᠬᠤ ᠴᠢᠬᠤᠯᠠᠲᠠᠢ ᠦᠢᠯᠡ ᠠᠵᠢᠯᠯᠠᠭ᠎ᠠ ᠶᠢᠨ ᠪᠠᠷᠢᠮᠵᠢᠶ᠎ᠠ ᠮᠥᠨ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠡᠷᠡᠰ ᠬᠠᠮᠠᠭᠠᠯᠠᠬᠤ ᠪᠣᠯ ᠬᠢᠷᠢ ᠲᠡᠩᠴᠡᠭᠰᠡᠨ ᠨᠠᠮ ᠤᠨ ᠭᠡᠰᠢᠭᠦᠨ᠂ ᠺᠠᠳ᠋ᠷ ᠤᠨ ᠦᠨᠳᠦᠰᠦᠨ ᠨᠥᠬᠦᠴᠡᠯ ᠮᠥᠨ᠃    ᠰᠤᠷᠤᠯᠴᠠᠬᠤ ᠠᠵᠢᠯᠯᠠᠭ᠎ᠠ ᠳᠤᠮᠳᠠ᠂ ᠪᠥᠬᠦ ᠨᠠᠮ ᠤᠨ ᠭᠡᠰᠢᠭᠦᠳ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠢ ᠬᠠᠮᠲᠤ ᠪᠠᠷ ᠰᠤᠷᠤᠯᠴᠠᠵᠤ᠂ ︽ᠲᠦᠷᠢᠮ︾ ᠤᠨ ᠭᠤᠤᠯ ᠠᠭᠤᠯᠭ᠎ᠠ ᠶᠢ ᠲᠠᠶᠢᠯᠪᠤᠷᠢᠯᠠᠵᠤ᠂ ᠨᠠᠮ ᠤᠨ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠬᠠᠮᠲᠤ ︽ᠲᠦᠷᠢᠮ︾ ᠤᠨ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠰᠤᠷᠤᠯᠴᠠᠬᠤ ᠠᠭᠤᠯᠭ᠎ᠠ ᠳᠤ ᠴᠢᠭᠯᠡᠭᠦᠯᠦᠨ ᠭᠦᠨᠵᠡᠭᠡᠶ ᠰᠣᠯᠢᠯᠴᠠᠨ ᠶᠠᠷᠢᠯᠴᠠᠪᠠ᠃ ᠱᠠᠰᠢᠨ ᠰᠤᠷᠲᠠᠬᠤᠨ ᠤ ᠪᠦᠯᠬᠦᠮ ᠪᠣᠯᠤᠨ ᠬᠤᠪᠢ ᠬᠦᠮᠦᠨ ᠬᠠᠷᠢᠯᠴᠠᠨ ᠬᠦᠨᠳᠦᠳᠭᠡᠬᠦ᠂ ᠡᠶ᠎ᠡ ᠨᠠᠶᠢᠷᠲᠠᠢ ᠬᠠᠮᠲᠤ ᠣᠷᠣᠰᠢᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2