ᠮᠣᠣ ᠳ᠋ᠦ᠋ ᠰᠢᠶᠠᠩ᠄ ᠨᠡᠶᠢᠭᠡᠮ ᠤᠨ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ︽ᠦᠨᠡᠨᠴᠢ ᠢᠲᠡᠭᠡᠮᠵᠢᠲᠡᠢ︾ ᠳᠠᠮᠵᠢᠭᠤᠯᠤᠭᠴᠢ ᠪᠣᠯᠬᠤ ᠪᠠᠷ ᠴᠢᠷᠮᠠᠶᠢᠪᠠ
ᠨᠡᠶᠢᠲᠡᠯᠡᠭᠰᠡᠨ ᠴᠠᠭ᠄
2024/6/28
    ᠰᠢ ᠶᠢᠨ ᠫᠢᠩ ᠶᠡᠷᠦᠩᠬᠡᠶ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠦᠨᠡᠨᠴᠢ ᠢᠲᠡᠭᠡᠮᠵᠢᠲᠡᠶ᠂ ᠢᠲᠡᠭᠡᠮᠵᠢ ᠲᠠᠢ ᠪᠠᠶᠢᠬᠤ᠂ ᠲᠥᠪ ᠭᠤᠤᠯᠴᠢ᠂ ᠥᠪᠡᠷ ᠢ ᠪᠠᠨ ᠱᠠᠭᠠᠷᠳᠠᠬᠤ ᠢᠲᠡᠭᠡᠮᠵᠢ ᠶᠢᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠮᠣᠣ ᠳ᠋ᠦ᠋ ᠰᠢᠶᠠᠩ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠪᠡ᠃    2024 ᠣᠨ ᠤ 6 ᠰᠠᠷ᠎ᠠ ᠶᠢᠨ 6 ᠤ ᠡᠳᠦᠷ᠂ ᠮᠣᠳᠣ ᠰᠢᠶᠠᠩ ᠤᠨ ᠨᠠᠮ ᠤᠨ ᠬᠤᠷᠢᠶ᠎ᠠ᠂ ᠬᠠᠤᠯᠢ ᠴᠠᠭᠠᠵᠠ ᠶᠢᠨ ᠭᠠᠵᠠᠷ ᠡᠯ ᠳ᠋ᠤᠤ ᠰᠤᠪᠠᠭ᠂ ᠰᠢ ᠱᠦᠢ ᠴᠢᠤᠸᠠᠨ ᠵᠡᠷᠭᠡ ᠲᠣᠰᠬᠤᠨ ᠳᠤ ᠭᠦᠨᠵᠡᠭᠡᠶᠢᠷᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠳᠤ ᠶᠠᠭᠤ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠭᠡᠬᠦ᠂ ᠶᠠᠭᠤᠨ ᠳᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠵᠢᠴᠢ ᠢᠲᠡᠭᠡᠮᠵᠢ ᠶᠢᠨ ᠴᠢᠬᠤᠯᠠ ᠠᠴᠢ ᠬᠤᠯᠪᠣᠭᠳᠠᠯ ᠵᠡᠷᠭᠡ ᠠᠭᠤᠯᠭ᠎ᠠ ᠪᠠᠷ ᠳᠠᠮᠵᠢᠭᠤᠯᠤᠨ᠂ ᠮᠡᠳᠡᠭᠡ ᠵᠠᠩᠭᠢ ᠴᠤᠭᠯᠠᠭᠤᠯᠬᠤ ᠮᠡᠳᠡᠯᠭᠡ ᠶᠢ ᠣᠶᠢᠯᠠᠭᠠᠵᠤ᠂ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠤᠨ ᠵᠢᠱᠢᠶ᠎ᠡ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠣᠯᠠᠨ ᠲᠦᠮᠡᠨ ᠳᠤ ᠢᠲᠡᠭᠡᠮᠵᠢ ᠶᠢᠨ ᠴᠢᠬᠤᠯᠠ ᠴᠢᠨᠠᠷ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠳᠦᠷ ᠲᠤᠲᠤᠮ ᠤᠨ ᠠᠮᠢᠳᠤᠷᠠᠯ ᠳᠠᠭᠠᠨ ᠲᠣᠰ ᠪᠡᠶ᠎ᠡ ᠶᠢᠨ ᠢᠲᠡᠭᠡᠮᠵᠢ ᠶᠢ ᠨᠠᠨᠳᠢᠩᠨᠠᠵᠤ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠬᠤᠯᠠᠴᠢᠯᠠᠬᠤ ᠶᠢᠨ ᠬᠠᠮᠲᠤ ᠦᠨᠡᠨᠴᠢ ᠢᠲᠡᠭᠡᠮᠵᠢ ᠲᠠᠢ ᠨᠡᠶᠢᠭᠡᠮ ᠢ ᠬᠠᠮᠲᠤ ᠪᠠᠷ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠬᠤ ᠬᠡᠷᠡᠭᠲᠡᠶ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 300 ᠭᠠᠷᠤᠶ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠠᠰᠠᠭᠤᠯᠲᠠ ᠶᠢ 20 ᠭᠠᠷᠤᠶ ᠬᠥᠮᠦᠨ ᠤᠳᠠᠭ᠎ᠠ ᠬᠠᠷᠢᠭᠤᠯᠵᠤ᠂ ᠨᠡᠶᠢᠭᠡᠮ ᠤᠨ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂ ︽ᠦᠨᠡᠨᠴᠢ ᠢᠲᠡᠭᠡᠮᠵᠢᠲᠡᠶ ᠪᠠᠶᠢᠬᠤ᠂ ᠢᠲᠡᠭᠡᠯ ᠠᠯᠳᠠᠬᠤ ᠢᠴᠢᠭᠦᠷᠢ᠂ ᠢᠲᠡᠭᠡᠮᠵᠢ ᠦᠭᠡᠢ ᠪᠠᠶᠢᠬᠤ︾ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠡᠨᠴᠢ ᠢᠲᠡᠭᠡᠮᠵᠢᠲᠡᠶ ᠪᠠᠶᠢᠬᠤ ᠶᠢ ᠲᠣᠰᠬᠤᠨ ᠤ ᠠᠷᠠᠳ ᠤᠨ ᠠᠵᠢᠯᠯᠠᠭ᠎ᠠ ᠶᠢᠨ ᠤᠬᠠᠮᠰᠠᠷᠲᠤ ᠴᠢᠨᠠᠷ ᠪᠣᠯᠭᠠᠪᠠ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2