ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 14 ᠳ᠋ᠤᠭᠡᠷ ᠤᠳᠠᠭ᠎ᠠ ᠶᠢᠨ ᠬᠤᠷᠠᠯ ᠵᠢᠴᠢ ᠱᠠᠩᠳᠤ ᠰᠢᠶᠠᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ᠂ ᠱᠠᠩᠳᠤ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠦᠢᠲᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠡᠮᠦᠨ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠵᠤ᠂ ᠬᠤᠷᠠᠯ ᠠᠴᠠ ᠡᠮᠦᠨ᠎ᠡ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠪᠦᠬᠦ ᠰᠢᠶᠠᠨ ᠤ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠦᠯ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠠᠵᠢᠯ ᠤᠨ ᠲᠥᠰᠦᠯ ᠵᠡᠷᠭᠡ ᠶᠢ ᠬᠢᠨᠠᠨ ᠵᠥᠪᠯᠡᠪᠡ᠃ ᠪᠦᠬᠦ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠭᠤᠰᠢᠯᠠᠭᠤᠯᠵᠣ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠭᠦᠷᠢᠳᠡ ᠵᠤᠬᠰᠤᠰᠢ ᠦᠭᠡᠢ ᠪᠠᠷᠢᠮᠲᠠᠯᠠᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ ᠬᠥᠭᠵᠢᠭᠡᠵᠦ᠂ ᠱᠠᠩᠳᠤ ᠶᠢ ᠪᠠᠶᠢᠭᠤᠯᠬᠤ ᠬᠦᠴᠦᠷᠬᠡᠭ ᠶᠡᠭᠡ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠪᠣᠯᠤᠨ ᠰᠦᠯᠵᠢᠶᠡᠨ ᠤ ᠭᠤᠣᠯ ᠨᠡᠪᠲᠡᠷᠡᠭᠦᠯᠭᠡ ᠶᠢ ᠰᠠᠶᠢᠲᠤᠷ ᠳᠠᠮᠵᠢᠭᠤᠯᠵᠤ᠂ ᠢᠳᠡᠪᠬᠢ ᠬᠦᠴᠦᠨ ᠢ ᠪᠠᠳᠠᠷᠠᠭᠤᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠴᠢᠩᠭ᠎ᠠ ᠠᠳᠬᠤᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠤᠰᠢᠭᠤᠴᠢ ᠪᠣᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠪᠣᠳᠠᠲᠤ ᠠᠮᠵᠢᠯᠲᠠ᠂ ᠨᠡᠩ ᠰᠠᠶᠢᠨ ᠦᠷ᠎ᠡ ᠪᠦᠲᠦᠮᠵᠢ᠂ ᠨᠡᠩ ᠶᠡᠭᠡ ᠲᠠᠪᠰᠢᠯᠳᠠ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2