ᠱᠠᠩᠳᠤ ᠶᠢᠨ ᠨᠡᠭᠡᠭᠡᠯᠲᠡᠲᠦ ᠶᠡᠭᠡ ᠰᠤᠷᠭᠠᠭᠤᠯᠢ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/28
   6 ᠰᠠᠷ᠎ᠠ ᠶᠢᠨ 26 ᠤ ᠡᠳᠦᠷ᠂ ᠱᠠᠩᠳᠤ ᠶᠢᠨ ᠨᠡᠭᠡᠭᠡᠯᠲᠡᠲᠦ ᠶᠡᠭᠡ ᠰᠤᠷᠭᠠᠭᠤᠯᠢ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠤᠯᠤᠰ ᠤᠨ ᠨᠠᠰᠤᠲᠠᠶᠢᠴᠤᠳ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠭᠡᠭᠡᠯᠲᠡ ᠶᠢᠨ ᠶᠡᠭᠡ ᠰᠤᠷᠭᠠᠭᠤᠯᠢ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ᠫᠠᠶᠢᠰᠠ ᠰᠡᠬᠦᠬᠦ ᠶᠣᠰᠣᠯᠠᠯ ᠳᠡᠭᠡᠷ᠎ᠡ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ︽ᠱᠠᠩᠳᠤ ᠰᠢᠶᠠᠨ ᠤ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠱᠠᠩᠳᠤ ᠶᠢᠨ ᠠᠵᠢᠯ ᠤᠨ ᠥᠷᠲᠡᠭᠡ ᠶᠢ ᠱᠠᠩᠳᠤ ᠶᠢᠨ ᠨᠡᠭᠡᠭᠡᠯᠲᠡ ᠶᠢᠨ ᠶᠡᠭᠡ ᠰᠤᠷᠭᠠᠭᠤᠯᠢ ᠪᠣᠯᠭᠠᠬᠤ ᠲᠤᠬᠠᠶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ᠶᠢ ᠤᠩᠰᠢᠨ ᠨᠡᠶᠢᠲᠡᠯᠡᠪᠡ᠃    ᠱᠠᠩᠳᠤ ᠰᠢᠶᠠᠨ ᠤ ᠠᠷᠠᠳ ᠣᠯᠠᠨ ᠳᠤ ᠨᠠᠩ ᠪᠠᠶᠠᠯᠢᠭ ᠰᠤᠷᠤᠯᠴᠠᠬᠤ ᠡᠬᠢ ᠪᠠᠶᠠᠯᠢᠭ ᠪᠠ ᠳᠥᠭᠦᠮ ᠳᠥᠲᠡ ᠰᠤᠷᠤᠯᠴᠠᠬᠤ ᠠᠷᠭ᠎ᠠ ᠵᠠᠮ ᠬᠠᠩᠭᠠᠵᠤ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ ᠬᠦᠴᠦᠨ ᠨᠡᠮᠡᠷᠢᠯᠡᠨ᠎ᠡ᠃ ᠱᠠᠩᠳᠤ ᠶᠢᠨ ᠨᠡᠭᠡᠭᠡᠯᠲᠡᠲᠦ ᠶᠡᠭᠡ ᠰᠤᠷᠭᠠᠭᠤᠯᠢ ︽ᠨᠡᠭᠡᠭᠡᠯᠲᠡᠲᠡᠢ᠂ ᠠᠮᠢᠳᠤᠯᠢᠭ᠂ ᠳᠥᠭᠦᠮ ᠳᠥᠲᠡ᠂ ᠥᠨᠳᠥᠷ ᠪᠦᠲᠦᠮᠵᠢᠲᠡᠢ ᠪᠠᠶᠢᠬᠤ︾ ᠰᠤᠷᠭᠠᠨ ᠬᠥᠮᠦᠵᠢᠯ ᠤᠨ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠱᠠᠩᠳᠤ ᠶᠢᠨ ᠨᠡᠭᠡᠭᠡᠯᠲᠡᠲᠦ ᠶᠡᠭᠡ ᠰᠤᠷᠭᠠᠭᠤᠯᠢ ᠶᠢ ᠥᠨᠳᠥᠷ ᠲᠦᠪᠰᠢᠨ ᠪᠦᠬᠦᠢ ᠰᠢᠶᠠᠨ ᠤ ᠬᠡᠪᠴᠢᠶᠡᠨ ᠤ ᠨᠡᠭᠡᠭᠡᠯᠲᠡᠲᠦ ᠶᠡᠭᠡ ᠰᠤᠷᠭᠠᠭᠤᠯᠢ᠂ ᠠᠷᠠᠳ ᠤᠯᠠᠨ ᠤ ᠳᠡᠷᠭᠡᠳᠡᠬᠢ ᠶᠡᠭᠡ ᠰᠤᠷᠭᠠᠭᠤᠯᠢ ᠪᠣᠯᠭᠠᠨ ᠪᠦᠳᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ᠂ ᠪᠠᠶᠠᠨ ᠬᠦᠴᠦᠷᠬᠡᠭ᠂ ᠰᠠᠶᠢᠨ ᠰᠠᠶᠢᠬᠠᠨ᠂ ᠵᠣᠯ ᠵᠢᠷᠭᠠᠯ ᠲᠠᠢ᠂ ᠡᠶ᠎ᠡ ᠵᠣᠬᠢᠴᠠᠩᠭᠤᠢ ᠣᠳᠣᠬᠢᠴᠢᠯᠠᠯᠲᠠ ᠶᠢᠨ ᠰᠢᠨ᠎ᠡ ᠱᠠᠩᠳᠤ ᠰᠢᠶᠠᠨ ᠢ ᠪᠦᠳᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2