ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠤ ᠺᠣᠮᠫᠠᠨᠢ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠰᠠᠨ ᠬᠤ᠋ ᠳ᠋ᠢ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
   ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠬᠤ ᠶᠢᠨ ᠲᠥᠯᠥᠭᠡ᠂ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ 6 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠯᠢ ᠬᠤᠩ ᠮᠠᠨ ᠤ ᠰᠢᠶᠠᠨ ᠤ ᠰᠠᠨ ᠳ᠋ᠠ ᠴᠢᠩ ᠰᠢᠶᠠᠩ ᠤᠨ ᠰᠠᠨ ᠬᠤ᠋ ᠳ᠋ᠢ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃ ᠰᠢᠶᠠᠨ ᠤ ᠤᠳᠤᠷᠢᠳᠤᠯᠭ᠎ᠠ ᠦ᠋ ᠴᠠᠩ ᠵᠢᠶᠦ᠋ᠨ᠂ ᠸᠧᠢ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠨ ᠬᠤ᠋ ᠳ᠋ᠢ ᠲᠣᠰᠬᠤᠨ ᠳᠤ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠰᠣᠶᠣᠯ ᠤᠨ ᠲᠠᠯᠠᠪᠠᠶ ᠶᠢᠨ ᠬᠡᠷᠡᠭᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠪᠣᠯᠤᠨ ᠠᠬᠠᠮᠠᠳ ᠨᠠᠮ ᠤᠨ ᠭᠡᠰᠢᠭᠦᠨ ᠢ ᠡᠷᠦᠬᠡ ᠳᠤ ᠬᠦᠷᠴᠦ ᠰᠤᠷᠪᠤᠯᠵᠢᠯᠠᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠠᠮᠤ ᠪᠤᠳᠠᠭ᠎ᠠ ᠭᠤᠯᠢᠷ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠠᠨ ᠬᠤ᠋ ᠳ᠋ᠢ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠵᠢᠴᠢ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠯᠢ ᠬᠤᠩ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠭᠦᠢᠴᠡᠳᠭᠡᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠺᠣᠮᠫᠠᠨᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ ᠪᠠᠲᠤᠯᠠᠨ᠎ᠠ ᠭᠡᠵᠦ ᠢᠯᠡᠳᠬᠡᠪᠡ᠃    ᠡᠨᠡ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠰᠠᠨ ᠬᠤ᠋ ᠳ᠋ᠢ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ᠂ ᠥᠪᠥᠷ ᠮᠣᠩᠭᠤᠯ ᠤᠨ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2