ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
    6 ᠰᠠᠷ᠎ᠠ ᠶᠢᠨ 27 ᠤ ᠡᠳᠦᠷ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃    ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠶ ᠬᠤᠷᠠᠯ ᠡᠷᠭᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠷᠦᠢ ᠰᠢᠨ᠂ ᠶᠧ ᠱᠢ ᠬᠠᠢ᠂ ᠼᠤᠤ ᠵᠢᠶᠦ᠋ᠨ ᠪᠣᠯᠤᠨ ᠭᠡᠰᠢᠭᠦᠳ ᠬᠤᠷᠠᠯ ᠳᠤ ᠣᠷᠣᠯᠴᠠᠪᠠ᠃    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠬᠤ᠋ ᠵᠢᠶᠦ᠋ᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠬᠡᠰᠡᠭ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠲᠣᠮᠢᠯᠠᠨ ᠰᠠᠭᠤᠯᠭᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠠᠯᠪᠠᠨ ᠭᠡᠷ ᠤᠨ ᠬᠡᠰᠡᠭ ᠠᠵᠢᠯᠲᠠᠳ ᠬᠤᠷᠠᠯ ᠳᠤ ᠣᠷᠣᠯᠴᠠᠪᠠ᠃    ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠪᠥᠬᠦ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠱᠠᠩᠳᠤ ᠰᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠱᠠᠩᠳᠤ ᠰᠢᠶᠠᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠦᠨᠡᠯᠡᠬᠦ ᠳᠤᠭᠤᠶᠢᠯᠠᠩ ᠤᠨ ︽ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯ ᠢ ᠦᠨᠡᠯᠡᠨ ᠶᠠᠷᠢᠯᠴᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠪᠡ᠃    ᠬᠤᠷᠠᠯ ᠠᠴᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠳᠠᠲᠠᠢ ᠠᠵᠢᠯ ᠤᠨ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠰᠣᠳᠣ ᠮᠡᠷᠭᠡᠨ ᠦᠭᠡ ᠶᠢ ᠢᠯᠡᠭᠦᠬᠡᠨ ᠬᠡᠯᠡᠵᠦ᠂ ᠰᠢᠨ᠎ᠡ ᠶᠢ ᠡᠭᠦᠳᠬᠦ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠶᠢ ᠢᠯᠡᠭᠦᠬᠡᠨ ᠰᠦᠪᠡᠭᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠡᠩ ᠰᠠᠶᠢᠨ ᠦᠢᠯᠡᠴᠢᠯᠡᠭᠡ ᠪᠠᠷ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2