ᠨᠡᠶᠢᠳᠡᠮ ᠬᠡᠷᠡᠭᠯᠡᠬᠦ ᠮᠡᠷᠭᠡᠵᠢᠯ ᠰᠠᠨᠰᠠᠷ ᠤᠨ ᠠᠶᠠᠯᠠᠯ ᠤᠨ ᠠᠨᠠᠭᠠᠬᠤ ᠤᠬᠠᠭᠠᠨ ᠤ ᠰᠠᠯᠠᠭ᠎ᠠ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠳᠤ ᠠᠵᠢᠯ ᠲᠥᠷᠥᠯ ᠢᠶᠠᠷ ᠢᠶᠠᠨ ᠲᠤᠰᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
   ᠨᠡᠶᠢᠳᠡᠮ ᠬᠡᠷᠡᠭᠯᠡᠭᠡᠨ ᠤ ᠮᠡᠷᠭᠡᠵᠢᠯ ᠰᠠᠨᠰᠠᠷ ᠤᠨ ᠠᠶᠠᠯᠠᠯ ᠤᠨ ᠠᠨᠠᠭᠠᠬᠤ ᠤᠬᠠᠭᠠᠨ ᠤ ᠰᠠᠯᠠᠭᠠᠨ ᠤ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠬᠢᠭᠡᠳ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠣᠷᠳᠣ ᠬᠤᠭᠤᠴᠠᠭᠠᠨ ᠤ ᠬᠠᠮᠲᠤᠷᠠᠯᠴᠠᠭ᠎ᠠ ᠰᠣᠯᠢᠯᠴᠠᠭ᠎ᠠ ᠶᠢᠨ ᠰᠠᠭᠤᠷᠢᠨ ᠳᠡᠭᠡᠷ᠎ᠡ᠂ ᠨᠡᠶᠢᠳᠡᠮ ᠬᠡᠷᠡᠭᠯᠡᠬᠦ ᠮᠡᠷᠭᠡᠵᠢᠯ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠱᠠᠩᠳᠤ ᠰᠢᠶᠠᠨ ᠤ ᠡᠮᠴᠢᠯᠡᠭᠡᠨ ᠤ ᠶᠠᠰᠤ ᠴᠢᠨᠠᠷ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃    6 ᠰᠠᠷ᠎ᠠ ᠶᠢᠨ 27 ᠤ ᠡᠳᠦᠷ᠂ ᠲᠦᠩ ᠶᠦᠩ ᠮᠡᠷᠭᠡᠵᠢᠯ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠤ ᠪᠦᠯᠬᠦᠮ ᠱᠠᠩᠳᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠡᠭᠡ ᠲᠢᠩᠬᠢᠮ ᠳᠤ ᠱᠠᠩᠳᠤ ᠰᠢᠶᠠᠨ ᠤ ᠤᠯᠠᠨ ᠲᠦᠮᠡᠨ ᠳᠤ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠬᠢᠪᠡ᠃ ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ ᠮᠡᠳᠡᠷᠡᠯ ᠤᠨ ᠳᠣᠲᠣᠷ ᠰᠠᠯᠠᠭ᠎ᠠ᠂ ᠡᠪᠡᠳᠬᠦ ᠰᠠᠯᠠᠭ᠎ᠠ᠂ ᠳᠣᠲᠣᠭᠠᠳᠤ ᠰᠢᠭᠦᠷᠡᠯ ᠤᠨ ᠰᠠᠯᠠᠭ᠎ᠠ᠂ ᠬᠡᠤᠬᠡᠳ ᠤᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ ᠵᠡᠷᠭᠡ ᠶᠢ ᠪᠠᠶᠢᠷᠢᠯᠠᠭᠤᠯᠵᠤ᠂ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠡᠷᠢᠵᠦ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠤ ᠬᠤᠯᠪᠣᠭᠳᠠᠯ ᠪᠥᠬᠦᠶ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠪᠠ ᠡᠮᠦᠨᠡᠬᠢ ᠬᠤᠭᠤᠴᠠᠭᠠᠨ ᠤ ᠣᠨᠣᠰᠢᠯᠠᠯᠲᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠲᠡᠳᠡᠨ ᠤ ᠡᠪᠡᠳᠴᠢᠨ ᠤ ᠲᠡᠤᠬᠡ ᠶᠢ ᠭᠦᠨᠵᠡᠭᠡᠶ ᠣᠶᠢᠯᠠᠭᠠᠵᠤ᠂ ᠡᠪᠡᠳᠴᠢᠲᠡᠨ ᠤ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠡᠪᠡᠳᠴᠢᠲᠡᠨ ᠤ ᠡᠪᠡᠳᠴᠢᠨ ᠤ ᠪᠠᠶᠢᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠰᠠᠨᠠᠭᠤᠯᠭ᠎ᠠ ᠪᠠ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠵᠢᠯᠣᠭᠤᠳᠣᠯᠭ᠎ᠠ ᠥᠭᠪᠡ᠃    ᠡᠨᠡ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠡᠮᠴᠢ ᠶᠢᠨ ᠣᠪᠣᠷ ᠨᠢ ᠮᠠᠰᠢ ᠡᠶᠡᠯᠰᠡᠭ ᠳᠣᠲᠣᠨᠣ ᠪᠠᠶᠢᠵᠤ᠂ ᠲᠠᠶᠢᠯᠪᠤᠷᠢᠯᠠᠯᠲᠠ ᠨᠢ ᠪᠠᠰᠠ ᠨᠠᠷᠢᠨ ᠨᠢᠮᠪᠠᠶ ᠪᠠᠶᠢᠳᠠᠭ᠂ ᠪᠢ ᠥᠪᠡᠷ ᠤᠨ ᠪᠡᠶ᠎ᠡ ᠶᠢᠨ ᠪᠠᠶᠢᠳᠠᠯ ᠢᠶᠠᠨ ᠨᠡᠩ ᠰᠠᠶᠢᠨ ᠣᠶᠢᠯᠠᠭᠠᠵᠤ᠂ ᠥᠪᠡᠷ ᠤᠨ ᠪᠡᠶ᠎ᠡ ᠪᠠᠨ ᠨᠡᠩ ᠰᠠᠶᠢᠨ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠡᠨᠡ ᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠣᠯ 2024 ᠣᠨ ᠤ ᠨᠡᠶᠢᠳᠡᠮ ᠬᠡᠷᠡᠭᠯᠡᠬᠦ ᠮᠡᠷᠭᠡᠵᠢᠯ ᠰᠠᠨᠰᠠᠷ ᠤᠨ ᠠᠶᠠᠯᠠᠯ ᠤᠨ ᠠᠨᠠᠭᠠᠬᠤ ᠤᠬᠠᠭᠠᠨ ᠤ ᠡᠮᠨᠡᠯᠭᠡ ᠶᠢᠨ ᠬᠤᠷᠢᠶ᠎ᠠ ᠶᠢᠨ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠠᠵᠢᠯ ᠢ ᠠᠵᠢᠯ ᠲᠥᠷᠥᠯ ᠢᠶᠠᠷ ᠢᠶᠠᠨ ᠳᠡᠮᠵᠢᠬᠦ‍ ᠨᠢᠭᠡ ᠵᠦᠢᠯ ᠤᠨ ᠠᠭᠤᠯᠭ᠎ᠠ ᠪᠣᠯᠤᠨ᠎ᠠ᠂ 6 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠪᠣᠯᠤᠨ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠠᠵᠢᠯ ᠲᠥᠷᠥᠯ ᠢᠶᠠᠷ ᠢᠶᠠᠨ ᠲᠤᠰᠠᠯᠠᠬᠤ ᠬᠡᠯᠡᠯᠴᠡᠭᠡᠷ ᠲᠣᠭᠲᠠᠵᠤ᠂ ᠨᠡᠶᠢᠳᠡᠮ ᠬᠡᠷᠡᠭᠯᠡᠬᠦ ᠮᠡᠷᠭᠡᠵᠢᠯ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠶᠡᠷᠦᠩᠬᠡᠶ ᠬᠢᠨᠠᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠹᠧᠩ ᠵᠧᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠲᠢᠶᠠᠨ ᠢᠦᠶ᠂ ᠰᠢᠶᠠᠨ ᠤ ᠳᠡᠳ᠋ ᠳᠠᠷᠤᠭ᠎ᠠ ᠵᠣᠣ ᠭᠦᠸᠧ ᠸᠧᠨ ᠵᠡᠷᠭᠡ ᠬᠤᠯᠪᠣᠭᠳᠠᠯ ᠪᠥᠬᠦᠶ ᠤᠳᠤᠷᠢᠳᠤᠯᠭ᠎ᠠ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠢ ᠲᠣᠭᠲᠠᠭᠠᠬᠤ ᠨᠢ ᠡᠪᠡᠳᠴᠢᠲᠡᠨ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠬᠤ᠂ ︽ᠵᠠᠰᠠᠭ ᠤᠨ ᠣᠷᠳᠣᠨ ᠰᠠᠨᠠᠭ᠎ᠠ ᠠᠮᠤᠷ᠂ ᠡᠪᠡᠳᠴᠢᠲᠡᠨ ᠰᠡᠳᠬᠢᠯ ᠬᠠᠨᠤᠮᠵᠢᠲᠠᠶ ᠪᠠᠶᠢᠬᠤ︾ ᠰᠢᠯᠢᠳᠡᠭ ᠡᠮᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ᠂ ᠶᠡᠷᠦᠩᠬᠡᠶᠢᠯᠡᠭᠰᠡᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠲᠥᠪ ᠴᠤ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠲᠥᠪ ᠲᠠᠢ ᠭᠡᠷ᠎ᠡ ᠲᠣᠭᠲᠠᠵᠤ᠂ ᠰᠠᠯᠠᠭ᠎ᠠ ᠲᠠᠰᠤᠭ ᠤᠨ ᠬᠠᠮᠲᠤᠷᠠᠭᠰᠠᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠨᠠᠷᠢᠯᠢᠭᠵᠢᠭᠤᠯᠵᠤ᠂ ᠱᠠᠩᠳᠤ ᠰᠢᠶᠠᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠪᠠ᠃    ᠲᠤᠰ ᠤᠳᠠᠭ᠎ᠠ ᠶᠢᠨ ᠥᠪᠥᠷ ᠮᠣᠩᠭᠤᠯ ᠤᠨ ᠪᠤᠭᠤᠲᠤ ᠶᠢᠨ ᠪᠤᠯᠤᠳ ᠲᠡᠮᠤᠷ ᠤᠨ ᠡᠮᠨᠡᠯᠭᠡ ᠶᠢᠨ ᠬᠤᠷᠢᠶᠠᠨ ᠤ ᠠᠵᠢᠯ ᠲᠦᠷᠦᠯ ᠢᠶᠠᠷ ᠢᠶᠠᠨ ᠱᠠᠩᠳᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠳᠡᠮᠵᠢᠬᠦ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠪᠢ ᠪᠠᠰᠠ ᠤᠯᠠᠭᠠᠨᠴᠠᠪ ᠬᠤᠳᠠ ᠠᠴᠠ ᠭᠠᠷᠴᠤ ᠢᠷᠡᠭᠰᠡᠨ ᠡᠮᠨᠡᠯᠭᠡ ᠶᠢᠨ ᠠᠵᠢᠯᠲᠠᠳ ᠪᠣᠯᠤᠨ᠎ᠠ᠂ ᠪᠢ ᠲᠤᠰ ᠤᠳᠠᠭ᠎ᠠ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯᠯᠠᠭ᠎ᠠ ᠪᠠᠷ ᠳᠠᠮᠵᠢᠭᠤᠯᠵᠤ᠂ ᠨᠡᠩ ᠤᠯᠠᠨ ᠡᠮᠴᠢ ᠰᠤᠪᠢᠯᠠᠭᠴᠢ ᠶᠢ ᠮᠠᠨ ᠤ ᠠᠵᠢᠯᠯᠠᠭ᠎ᠠ ᠳᠤ ᠣᠷᠣᠯᠴᠠᠭᠤᠯᠵᠤ᠂ ᠨᠡᠩ ᠤᠯᠠᠨ ᠡᠮᠴᠢᠯᠡᠭᠡᠨ ᠤ ᠬᠠᠪᠰᠤᠷᠤᠨ ᠲᠡᠳᠬᠦᠬᠦ ᠬᠡᠯᠪᠡᠷᠢ ᠪᠠᠷ ᠳᠠᠮᠵᠢᠭᠤᠯᠵᠤ᠂ ᠮᠠᠨ ᠤ ᠤᠯᠠᠭᠠᠨᠴᠠᠪ ᠱᠠᠩᠳᠤ ᠰᠢᠶᠠᠨ ᠤ ᠠᠷᠠᠳ ᠲᠦᠮᠡᠨ ᠳᠤ ᠨᠡᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢ ᠬᠦᠰᠡᠵᠦ ᠪᠠᠶᠢᠨ᠎ᠠ᠃    ᠡᠭᠦᠨ ᠠᠴᠠ ᠭᠠᠳᠠᠨ᠎ᠠ᠂ ᠨᠡᠶᠢᠳᠡᠮ ᠬᠡᠷᠡᠭᠯᠡᠬᠦ ᠮᠡᠷᠭᠡᠵᠢᠯ ᠰᠠᠨᠰᠠᠷ ᠤᠨ ᠠᠶᠠᠯᠠᠯ ᠤᠨ ᠠᠨᠠᠭᠠᠬᠤ ᠤᠬᠠᠭᠠᠨ ᠤ ᠰᠠᠯᠠᠭᠠᠨ ᠤ ᠥᠪᠥᠷ ᠮᠣᠩᠭᠤᠯ ᠤᠨ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠪᠠᠰᠠ ᠲᠤᠰᠬᠠᠶ ᠮᠡᠷᠭᠡᠵᠢᠯᠲᠡᠨ ᠢᠶᠠᠷ ᠳᠡᠮᠵᠢᠨ ᠬᠢᠴᠢᠶᠡᠯ ᠣᠷᠣᠵᠤ᠂ ᠲᠤᠰᠬᠠᠶ ᠮᠡᠷᠭᠡᠵᠢᠯᠲᠡᠨ ᠠᠴᠠ ᠬᠦᠴᠢᠷ ᠲᠦᠪᠡᠭᠲᠡᠶ ᠡᠯᠳᠡᠪ ᠡᠪᠡᠳᠴᠢᠲᠡᠨ ᠳᠤ ᠣᠨᠣᠰᠢᠯᠠᠨ ᠡᠮᠨᠡᠬᠦ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠱᠠᠩᠳᠤ ᠰᠢᠶᠠᠨ ᠤ ᠠᠯᠪᠠᠨ ᠵᠢᠷᠤᠮ ᠤᠨ ᠠᠵᠢᠯᠲᠠᠨ ᠤ ᠡᠮᠴᠢᠯᠡᠭᠡᠨ ᠤ ᠶᠠᠰᠤ ᠴᠢᠨᠠᠷ ᠪᠠ ᠦᠶ᠋ᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠦᠶ᠋ᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2