ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠱᠠᠩᠳᠤ ᠰᠢᠶᠠᠨ ᠠᠴᠠ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/28
    ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠄    ᠡᠳᠦᠭᠡ ︽ᠱᠠᠩᠳᠤ ᠰᠢᠶᠠᠨ ᠠᠴᠠ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ︾ ᠶᠢ ᠲᠠ ᠨᠠᠷ ᠲᠤ ᠳᠠᠷᠤᠮᠠᠯᠯᠠᠨ ᠲᠠᠷᠬᠠᠭᠠᠬᠤ ᠪᠠᠷ ᠰᠤᠳᠤᠯᠤᠨ ᠲᠣᠭᠲᠠᠭᠠᠪᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠢᠭᠡᠳ ᠰᠢᠶᠠᠩ ᠪᠠᠯᠭᠠᠰᠤ ᠢᠳᠡᠪᠬᠢᠲᠡᠶ ᠪᠠᠷ ᠵᠣᠯᠭᠠᠭᠤᠯᠵᠤ ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠪᠠ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠠᠭᠤᠯᠭ᠎ᠠ ᠶᠢ ᠰᠢᠶᠠᠩ ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠠᠵᠢᠯ ᠲᠥᠷᠥᠯ ᠤᠨ ᠬᠦᠷᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠡᠷᠬᠡ ᠮᠡᠳᠡᠯ ᠤᠨ ᠬᠡᠪᠴᠢᠶᠡᠨ ᠳᠣᠲᠣᠷ᠎ᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2