ᠠᠷᠠᠯᠵᠢᠶ᠎ᠠ ᠵᠠᠰᠠᠭ ᠲᠠᠷᠬᠠᠭᠠᠭᠰᠠᠨ ︹2020︺ 10 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠡ ᠳᠤ᠄ | ᠬᠤᠳᠠᠯᠳᠤᠭ᠎ᠠ ᠬᠢᠵᠦ ᠪᠠᠶᠢᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ︽ᠱᠠᠩᠳᠤ ᠰᠢᠶᠠᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ | ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ | ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠢᠯ ᠢᠶᠠᠨ ᠳᠥᠯᠭᠢᠨ ᠠᠬᠢᠭᠤᠯᠵᠤ᠂ ᠬᠦᠴᠦᠨ ᠢᠶᠠᠨ | ᠲᠥᠪᠯᠡᠷᠡᠭᠦᠯᠦᠨ ᠮᠠᠨ ᠤ ᠰᠢᠶᠠᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠢ | ᠰᠠᠶᠢᠲᠤᠷ ᠬᠡᠷᠡᠭᠵᠢᠭᠦᠯᠬᠦ ᠬᠡᠷᠡᠭᠲᠡᠶ᠃ | 2024 ᠣᠨ ᠤ 3 ᠰᠠᠷ᠎ᠠ ᠶᠢᠨ 28 ᠤ ᠡᠳᠦᠷ | ︵ᠲᠤᠰ ᠲᠣᠨᠤᠭ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ︶ | ᠱᠠᠩᠳᠤ ᠰᠢᠶᠠᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ | ᠲᠥᠰᠦᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠲᠤᠬᠠᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠰᠢᠶᠠᠨ ᠤ ᠢᠯᠴᠢ ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠳᠤᠯᠠᠭᠠᠯᠠᠭ᠎ᠠ ᠶᠢᠨ | ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ︽ᠤᠯᠠᠭᠠᠨᠴᠠᠪ ᠬᠤᠲᠠ ᠶᠢᠨ ᠬᠤᠲᠠ ᠪᠠᠯᠭᠠᠰᠤ ᠶᠢᠨ ᠢᠯᠴᠢ | ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ | ᠰᠢᠶᠠᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠵᠢᠴᠢ ᠪᠥᠬᠦ ᠰᠢᠶᠠᠨ ᠤ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ︽ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠨᠢᠭᠡ ᠰᠢᠶᠠᠨ ᠳᠤ ᠨᠢᠭᠡ ᠠᠷᠭ᠎ᠠ ᠪᠣᠳᠣᠯᠭ᠎ᠠ᠂ ᠥᠩᠭᠡᠨ | ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠣᠯᠠᠨ ᠲᠦᠮᠡᠨ ᠳᠤ ᠲᠠᠭᠠᠰᠢᠶᠠᠭᠳᠠᠭᠰᠠᠨ︾ ᠵᠠᠷᠴᠢᠮ | ᠶᠣᠰᠣᠭᠠᠷ᠂ ᠬᠦᠴᠦᠨ ᠢᠶᠠᠨ ᠲᠥᠪᠯᠡᠷᠡᠭᠦᠯᠦᠨ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠵᠦ᠂ ᠮᠠᠨ ᠤ ᠰᠢᠶᠠᠨ ᠤ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ | ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | ᠣᠯᠠᠨ ᠲᠦᠮᠡᠨ ᠤ ᠢᠯᠴᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠪᠠᠷ ᠤᠳᠤᠷᠢᠳᠤᠮᠵᠢ | ᠪᠣᠯᠭᠠᠵᠤ᠂ ᠬᠠᠭᠤᠴᠢᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠭᠤᠤᠯᠳᠠᠯᠭ᠎ᠠ ᠲᠠᠢ ᠠᠵᠢᠯ ᠪᠣᠯᠭᠠᠵᠤ᠂ ᠮᠠᠨ ᠤ | ᠰᠢᠶᠠᠨ ᠤ 20 ᠵᠢᠯ ᠠᠴᠠ ᠳᠡᠭᠡᠭᠰᠢ ᠪᠠ 20 ᠵᠢᠯ ᠤᠨ ᠳᠣᠲᠣᠷ᠎ᠠ ᠢᠯᠴᠢ ᠶᠢᠨ ᠬᠤᠬᠢᠷᠠᠯ ᠶᠡᠭᠡ ᠵᠢᠴᠢ ︽ᠭᠦᠶᠦᠬᠦ᠂ | ᠭᠠᠳᠠᠭᠰᠢᠯᠠᠭᠤᠯᠬᠤ᠂ ᠲᠤᠰᠤᠭᠠᠬᠤ᠂ ᠭᠤᠭᠤᠵᠢᠭᠤᠯᠬᠤ︾ ᠵᠡᠷᠭᠡ ᠠᠰᠠᠭᠤᠳᠠᠯ ᠣᠷᠣᠰᠢᠵᠤ ᠪᠠᠶᠢᠭ᠎ᠠ ᠢᠯᠴᠢ | ᠬᠠᠩᠭᠠᠬᠤ ᠬᠤᠭᠤᠯᠠᠶ ᠶᠢᠨ ᠲᠣᠤᠷ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠬᠤ ᠶᠢᠨ ᠬᠠᠮᠲᠤ | ᠬᠡᠷᠡᠭᠯᠡᠭᠴᠢ ᠶᠢᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ ᠲᠤᠷᠰᠢᠯᠲᠠ ᠶᠢ ᠥᠷᠨᠢᠭᠦᠯᠦᠨ᠎ᠡ᠃ | ᠪᠥᠬᠦ ᠰᠢᠶᠠᠨ ᠤ ᠲᠠᠷᠠᠭᠠᠴᠢ ᠶᠢᠨ ᠳᠤᠯᠠᠭᠠᠯᠠᠭ᠎ᠠ ᠶᠢᠨ ᠤᠯᠠᠷᠢᠯ ᠤᠨ ᠢᠯᠴᠢ ᠬᠠᠩᠭᠠᠬᠤ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠵᠠᠭᠠᠯᠳᠤᠯᠭ᠎ᠠ ᠶᠢ ᠶᠡᠭᠡ ᠪᠠᠷ ᠪᠠᠭᠤᠷᠠᠭᠤᠯᠵᠤ᠂ | ᠲᠥᠪᠯᠡᠷᠡᠭᠦᠯᠦᠨ ᠢᠯᠴᠢ ᠬᠠᠩᠭᠠᠬᠤ ᠲᠦᠷᠢᠮ ᠢ ᠨᠠᠩ ᠲᠡᠭᠦᠯᠳᠡᠷᠵᠢᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ | ᠡᠪᠦᠯᠵᠢᠬᠦ ᠶᠢ ᠪᠠᠲᠤᠯᠠᠪᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | 2024 ᠣᠨ ᠳᠤ ᠮᠠᠨ ᠤ ᠰᠢᠶᠠᠨ 5515 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ | ᠢᠯᠴᠢ ᠬᠠᠩᠭᠠᠬᠤ ᠬᠤᠭᠤᠯᠠᠶ ᠶᠢᠨ ᠱᠤᠭᠤᠮ ᠢ 20 ᠵᠢᠯ ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠠ 20 | ᠵᠢᠯ ᠤᠨ ᠳᠣᠲᠣᠷ᠎ᠠ ︽ᠭᠦᠶᠦᠬᠦ᠂ ᠬᠡᠤᠷᠰᠢᠭᠦᠯᠬᠦ᠂ ᠲᠤᠰᠤᠭᠠᠬᠤ᠂ ᠭᠤᠭᠤᠵᠢᠭᠤᠯᠬᠤ︾᠂ ᠢᠯᠴᠢ ᠶᠢᠨ ᠬᠤᠬᠢᠷᠠᠯ | ᠶᠡᠭᠡ ᠵᠡᠷᠭᠡ ᠠᠰᠠᠭᠤᠳᠠᠯ ᠣᠷᠣᠰᠢᠵᠤ ᠪᠠᠶᠢᠭ᠎ᠠ 27.26 ᠺᠢᠯᠣᠮᠧᠳ᠋ᠷ ᠳᠠᠮᠵᠢᠭᠤᠯᠬᠤ ᠬᠤᠭᠤᠯᠠᠶ︔ ᠬᠡᠷ ᠳᠣᠲᠣᠷᠠᠬᠢ | ᠳᠤᠯᠠᠭᠠᠨ ᠤ ᠬᠡᠮᠵᠢᠶ᠎ᠡ ᠶᠢᠨ ᠬᠢᠨᠠᠨ ᠬᠡᠮᠵᠢᠯᠲᠡ ᠶᠢ 300 ᠡᠷᠦᠬᠡ ᠬᠡᠷᠡᠭᠵᠢᠭᠦᠯᠪᠡ︔ ᠮᠠᠨ ᠤ ᠰᠢᠶᠠᠨ ᠤ ᠢᠯᠴᠢ | ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠲᠦᠭᠵᠢᠷᠡᠯ᠂ ᠬᠦᠴᠢᠷᠳᠡᠯ᠂ ᠲᠥᠪᠯᠡᠷᠡᠯ ᠤᠨ ᠠᠰᠠᠭᠤᠳᠠᠯ ᠪᠠ | ᠪᠠᠭᠤᠷᠠᠶ ᠲᠠᠯ᠎ᠠ ᠶᠢᠨ ᠳᠤᠲᠠᠭᠤᠳᠠᠯ ᠢ ᠪᠥᠬᠦ ᠲᠠᠯ᠎ᠠ ᠪᠠᠷ ᠰᠢᠶ᠋ᠳᠪᠦᠷᠢᠯᠡᠨ᠎ᠡ᠃ | ︵ᠨᠢᠭᠡ︶ ᠬᠠᠭᠤᠴᠢᠨ ᠪᠠ ᠬᠠᠭᠤᠴᠢᠷᠠᠭᠰᠠᠨ ᠬᠤᠭᠤᠯᠠᠢ ᠲᠣᠣᠷ ᠢ ᠰᠢᠨᠡᠳᠭᠡᠵᠦ ᠥᠭᠡᠷᠡᠴᠢᠯᠡᠬᠦ ᠲᠦᠷᠦᠯ | ᠵᠦᠢᠯ ᠢ ᠬᠡᠷᠡᠭᠵᠢᠭᠦᠯᠦᠨ᠎ᠡ᠃ 5500 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠠᠵᠢᠯᠯᠠᠭᠠᠨ ᠤ ᠵᠢᠯ ᠬᠤᠭᠤᠴᠠᠭ᠎ᠠ ᠨᠢ 20 ᠵᠢᠯ ᠢ ᠳᠠᠪᠠᠭᠰᠠᠨ ᠬᠤᠭᠤᠯᠠᠶ ᠭᠤᠣᠷᠰᠤ ᠪᠠ ᠳᠡᠯᠪᠡᠷᠡᠭᠦᠯᠬᠦ | ᠬᠤᠭᠤᠯᠠᠶ ᠶᠢᠨ ᠠᠳᠡᠯ ᠣᠯᠠᠨᠲᠠ ᠭᠠᠷᠴᠤ᠂ ᠢᠯᠴᠢ ᠶᠢᠨ ᠳᠠᠭᠠᠭᠠᠴᠠ ᠨᠢ ᠬᠦᠨᠳᠦ ᠨᠣᠴᠢᠲᠠᠶ ᠵᠣᠬᠢᠴᠠᠯᠳᠤᠬᠤ ᠥᠬᠡᠶ᠂ | ᠪᠠᠶᠢᠴᠠᠭᠠᠨ ᠰᠢᠯᠭᠠᠵᠤ ᠠᠵᠢᠯᠯᠠᠭᠤᠯᠬᠤ ᠶᠢᠨ ᠠᠮᠤᠷ ᠲᠦᠪᠰᠢᠨ ᠤ ᠲᠦᠭᠰᠢᠭᠦᠷᠢ ᠶᠡᠭᠡ᠂ ᠢᠳᠡᠭᠳᠡᠯ ᠬᠦᠨᠳᠦ ᠨᠣᠴᠢᠲᠠᠶ | ᠂ ᠭᠤᠭᠤᠵᠢᠬᠤ ᠨᠣᠷᠮ᠎ᠠ ᠥᠨᠳᠥᠷ ᠬᠠᠭᠤᠴᠢᠨ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ 27.26 ᠺᠢᠯᠣᠮᠧᠳ᠋ᠷ | ᠪᠠᠶᠢᠨ᠎ᠠ᠃ | ︵ᠬᠤᠶᠠᠷ︶ ᠬᠡᠷᠡᠭᠯᠡᠭᠴᠢ ᠶᠢᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠰᠢᠯᠭᠠᠬᠤ | ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ 15 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ᠂ ᠮᠠᠨ ᠤ ᠰᠢᠶᠠᠨ ᠤ ᠬᠠᠭᠤᠴᠢᠨ ᠰᠠᠭᠤᠭᠠᠯᠢ ᠲᠣᠭᠤᠷᠢᠭ ᠤᠨ ᠬᠡᠷᠡᠭᠯᠡᠭᠴᠢ᠂ ᠵᠠᠭᠠᠯᠳᠤᠯᠭ᠎ᠠ ᠶᠢᠨ | ᠬᠡᠮᠵᠢᠶ᠎ᠡ ᠪᠠᠷ ᠶᠡᠭᠡ ᠰᠠᠭᠤᠭᠠᠯᠢ ᠲᠣᠭᠤᠷᠢᠭ ᠪᠠ ᠳᠠᠪᠬᠤᠷᠳᠠᠭᠤᠯᠤᠨ ᠵᠠᠭᠠᠯᠳᠤᠭᠰᠠᠨ ᠬᠡᠷᠡᠭᠯᠡᠭᠴᠢᠳ ᠲᠤ ᠭᠡᠷ | ᠳᠣᠲᠣᠷᠠᠬᠢ ᠳᠤᠯᠠᠭᠠᠨ ᠤ ᠬᠡᠮᠵᠢᠯᠲᠡ ᠶᠢᠨ ᠪᠠᠶᠢᠴᠠᠭᠠᠨ ᠬᠡᠮᠵᠢᠯᠲᠡ ᠶᠢ 300 ᠡᠷᠦᠬᠡ ᠬᠢᠵᠦ᠂ ᠢᠯᠴᠢ ᠬᠠᠩᠭᠠᠬᠤ | ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠨ᠎ᠠ᠃ | ᠳᠥᠷᠪᠡ᠂ ᠠᠵᠢᠯ ᠤᠨ ᠲᠣᠬᠢᠷᠠᠭᠤᠯᠤᠯᠲᠠ | ︵ᠨᠢᠭᠡ︶ ᠵᠢᠭᠰᠠᠭᠠᠨ ᠪᠠᠶᠢᠴᠠᠭᠠᠬᠤ ᠱᠠᠲᠤ ᠦᠶ᠎ᠡ ︵2024 ᠣᠨ ᠤ 2 ᠰᠠᠷ᠎ᠠ︶ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰ | ᠲᠥᠰᠦᠯ ᠤᠨ ᠠᠭᠤᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠭᠤᠣᠯ ᠴᠣᠭᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠴᠢ ᠲᠠᠢ ᠪᠠᠯᠭᠠᠰᠤ ᠲᠠᠢ ᠬᠤᠯᠪᠣᠭᠠᠯᠠᠨ ᠨᠡᠶᠢᠭᠡᠮ ᠲᠣᠭᠤᠷᠢᠭ᠂ ᠠᠳᠠᠯ ᠠᠬᠤᠢ᠂ ᠢᠯᠴᠢ ᠬᠠᠩᠭᠠᠬᠤ | ᠠᠵᠤ ᠠᠬᠤᠶᠢᠯᠠᠯ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠢᠶᠠᠷ | ᠨᠢᠭᠡᠴᠢ ᠪᠣᠯᠭᠠᠨ ᠡᠷᠦᠬᠡ ᠳᠠᠷᠠᠭᠠᠯᠠᠨ ᠪᠦᠬᠦᠨ ᠢ ᠬᠠᠮᠤᠷᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ︽ | ᠠᠷᠠᠳ ᠢ ᠰᠤᠷᠪᠤᠯᠵᠢᠯᠠᠨ ᠳᠤᠯᠠᠭᠠᠯᠠᠬᠤ︾ ᠠᠵᠢᠯ ᠢ ᠥᠷᠨᠢᠭᠦᠯᠬᠦ ᠬᠡᠷᠡᠭᠲᠡᠢ᠃ ᠢᠯᠴᠢ ᠶᠢᠨ ᠰᠤᠷᠪᠤᠯᠵᠢ᠂ | ᠢᠯᠴᠢ ᠶᠢᠨ ᠲᠣᠤᠷ᠂ ᠢᠯᠴᠢ ᠰᠣᠯᠢᠬᠤ ᠥᠷᠲᠡᠭᠡ᠂ ᠰᠠᠭᠤᠭᠠᠯᠢ ᠠᠷᠠᠳ ᠵᠡᠷᠭᠡ ᠳᠤ ᠪᠥᠬᠦ ᠬᠡᠯᠬᠢᠶ᠎ᠡ ᠶᠢᠨ ᠵᠢᠭᠰᠠᠭᠠᠨ | ᠪᠠᠶᠢᠴᠠᠭᠠᠯᠲᠠ ᠬᠢᠵᠦ᠂ ᠢᠯᠴᠢ ᠬᠠᠩᠭᠠᠬᠤ ᠶᠠᠰᠤ ᠴᠢᠨᠠᠷ ᠨᠢ ᠥᠨᠳᠥᠷ ᠪᠢᠰᠢ ᠪᠠᠶᠢᠬᠤ ᠵᠠᠩᠭᠢᠯᠠᠭ᠎ᠠ ᠶᠢ ᠡᠷᠢᠵᠦ᠂ ︽ | ᠢᠯᠴᠢ ᠦᠭᠡᠢ︾ ᠪᠠᠶᠢᠬᠤ ᠰᠢᠯᠲᠠᠭᠠᠨ ᠢ ᠡᠷᠢᠵᠦ ᠭᠠᠷᠭᠠᠪᠠ᠃ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ | ᠪᠠᠶᠢᠭᠤᠯᠵᠤ᠂ ᠥᠭᠡᠷᠡᠴᠢᠯᠡᠨ ᠰᠠᠶᠢᠵᠢᠷᠠᠭᠤᠯᠬᠤ ᠬᠦᠷᠢᠶ᠎ᠡ ᠬᠡᠪᠴᠢᠶ᠎ᠡ᠂ ᠠᠭᠤᠯᠭ᠎ᠠ᠂ ᠪᠡᠯᠡ ᠮᠥᠩᠭᠦ᠂ ᠪᠡᠶᠡᠯᠡᠭᠦᠯᠬᠦ | ᠴᠠᠭ ᠤᠨ ᠬᠢᠵᠠᠭᠠᠷ ᠢ ᠲᠣᠭᠲᠠᠭᠠᠨ᠎ᠠ᠃ ᠪᠠᠶᠢᠳᠠᠯ ᠢ ᠣᠶᠢᠯᠠᠭᠠᠬᠤ ᠰᠠᠭᠤᠷᠢ ᠲᠤᠭ᠎ᠠ ᠶᠢ ᠦᠨᠳᠦᠰᠦᠯᠡᠨ᠂ ᠬᠦᠨᠳᠦ | ᠬᠥᠩᠭᠡᠨ ᠠᠯᠭᠤᠷ ᠪᠠᠴᠢᠮ ᠢ ᠢᠯᠭᠠᠵᠤ᠂ 2024 ᠣᠨ ᠳᠤ ᠬᠡᠷᠡᠭᠵᠢᠭᠦᠯᠬᠦ ᠴᠢᠬᠤᠯᠠᠲᠠᠶ ᠭᠤᠤᠯᠳᠠᠯᠭ᠎ᠠ ᠲᠠᠢ ᠲᠥᠷᠥᠯ | ᠵᠦᠶ᠋ᠯ ᠪᠠ ᠬᠤᠶᠢᠰᠢᠳᠠ ᠶᠢᠨ ᠣᠨ ᠤ ᠬᠡᠷᠡᠭᠵᠢᠭᠦᠯᠬᠦ ᠲᠥᠷᠥᠯ ᠵᠦᠶ᠋ᠯ ᠢ ᠲᠣᠳᠣᠷᠬᠠᠶᠢᠯᠠᠵᠤ᠂ ᠡᠯ᠎ᠡ ᠲᠥᠷᠥᠯ ᠤᠨ | ᠲᠥᠷᠥᠯ ᠵᠦᠶ᠋ᠯ ᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠢᠯᠴᠢ ᠬᠠᠩᠭᠠᠬᠤ ᠠᠰᠠᠭᠤᠳᠠᠯ ᠢ ᠪᠦᠲᠦᠮᠵᠢᠲᠡᠶ | ᠰᠢᠶ᠋ᠳᠪᠦᠷᠢᠯᠡᠨ᠎ᠡ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2024 ᠣᠨ ᠤ 3 ᠰᠠᠷ᠎ᠠ ᠶᠢᠨ 1 ᠤ ᠡᠳᠦᠷ ᠠᠴᠠ 9 | ᠰᠠᠷ᠎ᠠ ᠶᠢᠨ 30 ᠤ ᠡᠳᠦᠷ︶ | ᠮᠠᠨ ᠤ ᠰᠢᠶᠠᠨ ᠤ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠲᠥᠰᠦᠯ ᠶᠣᠰᠣᠭᠠᠷ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠨᠠᠶᠢᠷᠠᠭᠤᠯᠤᠨ ᠵᠣᠬᠢᠶᠠᠵᠤ᠂ ᠣᠯᠠᠨ | ᠠᠷᠭ᠎ᠠ ᠵᠠᠮ ᠢᠶᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠲᠣᠳᠣᠷᠬᠠᠶᠢᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠱᠠᠯᠠᠪᠳᠠᠨ ᠪᠡᠶᠡᠯᠡᠭᠦᠯᠵᠦ᠂ ᠬᠠᠮᠤᠭ ᠤᠨ ᠲᠡᠷᠢᠭᠦᠨ ᠳᠤ ᠠᠵᠢᠯ ᠡᠬᠢᠯᠡᠭᠦᠯᠦᠨ᠎ᠡ᠃ ᠡᠭᠦᠷᠭᠡ ᠨᠢᠭᠡᠪᠦᠷᠢ ᠶᠢᠨ | ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ 9 ᠰᠠᠷ᠎ᠠ ᠶᠢᠨ 15 ᠤ ᠡᠳᠦᠷ ᠠᠴᠠ ᠡᠮᠦᠨ᠎ᠡ | ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ᠂ 9 ᠰᠠᠷ᠎ᠠ ᠶᠢᠨ ᠰᠡᠭᠦᠯᠴᠢ ᠠᠴᠠ | ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ | ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠳᠤᠯᠠᠭᠠᠨ ᠢᠨᠵᠧᠨᠧᠷᠢᠩ︾ ᠢ ᠥᠭᠡᠷᠡᠴᠢᠯᠡᠨ | ᠰᠢᠯᠭᠠᠨ ᠠᠪᠬᠤ ᠠᠵᠢᠯ ᠢ ᠬᠢᠵᠦ᠂ ᠴᠢᠨᠠᠷ ᠰᠠᠶᠢᠲᠠᠶ ᠢᠯᠴᠢ ᠬᠠᠩᠭᠠᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ | ︵ᠭᠤᠷᠪᠠ︶ ᠢᠯᠴᠢ ᠬᠠᠩᠭᠠᠬᠤ ᠱᠠᠲᠤ ᠦᠶ᠎ᠡ ︵2024 ᠣᠨ ᠤ 10 ᠰᠠᠷ᠎ᠠ ᠶᠢᠨ 1 ᠤ ᠡᠳᠦᠷ ᠠᠴᠠ | 2025 ᠣᠨ ᠤ 4 ᠰᠠᠷ᠎ᠠ ᠶᠢᠨ 15 ᠤ ᠡᠳᠦᠷ︶ | 1. ᠢᠯᠴᠢ ᠬᠠᠩᠭᠠᠬᠤ ᠶᠠᠰᠤ ᠴᠢᠨᠠᠷ ᠢ ᠪᠠᠲᠤᠯᠠᠨ᠎ᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠢᠯᠴᠢ ᠬᠠᠩᠭᠠᠵᠤ ᠪᠠᠶᠢᠭ᠎ᠠ ᠪᠠᠶᠢᠳᠠᠯ ᠢ ᠬᠢᠨᠠᠨ ᠬᠡᠮᠵᠢᠬᠦ ᠪᠠᠨ | ᠴᠢᠩᠭᠠᠳᠬᠠᠵᠤ᠂ ᠢᠯᠠᠩᠭᠤᠶ᠎ᠠ ᠢᠯᠴᠢ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠣᠷᠣᠨ ᠪᠦᠰᠡ ᠳᠤ | ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠪᠠᠷ ᠦᠨᠳᠦᠰᠦᠯᠡᠯ ᠪᠣᠯᠭᠠᠵᠤ᠂ ᠢᠯᠴᠢ ᠬᠠᠩᠭᠠᠬᠤ ᠶᠢ ᠵᠣᠭᠰᠣᠭᠠᠬᠤ | ᠡᠳᠦᠷ ᠤᠨ 0᠄ 00 ᠴᠠᠭ ᠠᠴᠠ ᠡᠬᠢᠯᠡᠨ ᠬᠠᠩᠭᠠᠬᠤ ᠶᠢ ᠪᠠᠲᠤᠯᠠᠬᠤ ᠬᠡᠷᠡᠭᠲᠡᠶ᠃ | 2. ᠢᠯᠴᠢ ᠬᠠᠩᠭᠠᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ᠡᠯ᠎ᠡ ᠢᠯᠴᠢ ᠬᠠᠩᠭᠠᠬᠤ ᠠᠵᠤ ᠠᠬᠤᠶᠢᠯᠠᠯ ᠨᠢ | ᠨᠢᠭᠡ ᠯᠡ ᠤᠳᠠᠭ᠎ᠠ ᠳᠤ ᠮᠡᠳᠡᠭᠳᠡᠬᠦ᠂ ᠦᠶ᠋ᠯᠡᠴᠢᠯᠡᠭᠡᠨ ᠤ ᠠᠮᠠᠯᠠᠯᠲᠠ᠂ ᠵᠠᠭᠠᠯᠳᠤᠯᠭ᠎ᠠ ᠶᠢ ᠰᠢᠶ᠋ᠳᠪᠦᠷᠢᠯᠡᠬᠦ ᠵᠡᠷᠭᠡ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ 24 ᠴᠠᠭ ᠤᠨ ᠵᠣᠴᠢᠳ ᠲᠤ ᠦᠶ᠋ᠯᠡᠴᠢᠯᠡᠬᠦ ᠪᠠ ᠰᠡᠯᠪᠢᠨ ᠵᠠᠰᠠᠬᠤ | ᠬᠠᠯᠠᠮᠰᠢᠯ ᠤᠲᠠᠰᠤ ᠵᠢᠴᠢ ᠡᠯ᠎ᠡ ᠲᠥᠷᠥᠯ ᠤᠨ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠦᠷᠭᠡᠨ ᠳᠠᠭᠠᠨ᠎ᠠ᠃ ︽ᠠᠷᠠᠳ ᠢ | ᠰᠤᠷᠪᠤᠯᠵᠢᠯᠠᠵᠤ ᠳᠤᠯᠠᠭᠠᠯᠠᠭ᠎ᠠ ᠶᠢ ᠠᠰᠠᠭᠤᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠣᠯ | ᠬᠠᠷᠢᠭᠤᠴᠠᠯᠭᠠᠲᠠᠨ ᠵᠢᠵᠢᠭᠦᠷ ᠳᠠᠭᠠᠭᠤᠯᠬᠤ ᠲᠦᠷᠢᠮ ᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ | ᠪᠣᠳᠠᠲᠠᠢ ᠢᠯᠴᠢ ᠬᠠᠩᠭᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠤᠯᠠᠨ ᠲᠦᠮᠡᠨ ᠤ ᠢᠯᠴᠢ ᠬᠠᠩᠭᠠᠬᠤ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ | ︵ᠲᠦᠷᠪᠡ︶ ᠳᠡᠭᠡᠭᠰᠢᠯᠡᠭᠦᠯᠬᠦ ᠱᠠᠲᠤ ᠦᠶ᠎ᠡ ︵2025 ᠣᠨ ᠤ 4 ᠰᠠᠷ᠎ᠠ ᠶᠢᠨ 16 ᠤ ᠡᠳᠦᠷ ᠠᠴᠠ | ᠡᠬᠢᠯᠡᠨ᠎ᠡ︶ | ᠳᠤᠯᠠᠭᠠᠯᠠᠭ᠎ᠠ ᠶᠢ ᠵᠣᠭᠰᠣᠭᠠᠭᠰᠠᠨ ᠤ ᠳᠠᠷᠠᠭ᠎ᠠ᠂ ᠳᠤᠯᠠᠭᠠᠯᠭ᠎ᠠ ᠶᠢᠨ ᠶᠠᠰᠤ ᠴᠢᠨᠠᠷ ᠢ ᠨᠥᠯᠥᠭᠡᠯᠡᠭᠰᠡᠨ ᠲᠣᠪᠤᠶᠢᠮ᠎ᠠ | ᠰᠢᠯᠲᠠᠭᠠᠨ ᠢ ᠴᠠᠭ ᠲᠤᠬᠠᠶ ᠳᠤᠨᠢ ᠳ᠋ᠦᠩᠨᠡᠨ ᠵᠠᠳᠠᠯᠵᠤ᠂ ᠡᠪᠡᠳᠴᠢᠨ ᠤ ᠦᠨᠳᠦᠰᠦ ᠶᠢ ᠣᠨᠣᠪᠴᠢᠲᠠᠶ ᠡᠷᠢᠨ ᠣᠯᠵᠤ᠂ | ︽ᠡᠪᠦᠯ ᠤᠨ ᠡᠪᠡᠳᠴᠢᠨ ᠢ ᠵᠣᠨ ᠤ ᠵᠠᠰᠠᠯᠲᠠ︾ ᠶᠢ ᠥᠷᠨᠢᠭᠦᠯᠵᠦ᠂ ᠲᠠᠷᠠᠭᠠᠴᠢ ᠶᠢᠨ ᠢᠯᠴᠢ ᠬᠠᠩᠭᠠᠬᠤ | ᠤᠯᠠᠷᠢᠯ ᠤᠨ ᠴᠢᠨᠠᠷ ᠰᠠᠶᠢᠲᠠᠶ ᠢᠯᠴᠢ ᠬᠠᠩᠭᠠᠬᠤ ᠶᠢ ᠪᠠᠲᠤᠯᠠᠪᠠ᠃ ᠡᠭᠦᠨ ᠤ ᠬᠠᠮᠲᠤ ᠵᠥᠪᠰᠢᠶᠡᠷᠡᠨ ᠣᠷᠣᠭᠤᠯᠬᠤ᠂ | ᠨᠥᠬᠦᠪᠥᠷᠢ ᠥᠭᠬᠦ᠂ ᠪᠤᠴᠠᠭᠠᠨ ᠭᠠᠷᠭᠠᠬᠤ᠂ ᠢᠲᠡᠭᠡᠮᠵᠢ ᠶᠢ ᠦᠨᠡᠯᠡᠬᠦ ᠰᠢᠰᠲ᠋ᠧᠮᠵᠢ ᠵᠡᠷᠭᠡ ᠬᠠᠮᠢᠶ᠎ᠠ ᠪᠦᠬᠦᠢ | ᠪᠠᠶᠢᠭᠤᠯᠤᠯ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠢᠯᠴᠢ ᠬᠠᠩᠭᠠᠬᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠢᠯᠴᠢ ᠬᠠᠩᠭᠠᠬᠤ ᠬᠦᠷᠢᠶ᠎ᠡ | ᠴᠠᠷᠠᠭ᠎ᠠ ᠶᠢᠨ ᠤᠶᠤᠨᠴᠢᠯᠠᠭᠰᠠᠨ ᠪᠠᠶᠢᠭᠤᠯᠤᠯᠲᠠ ᠶᠢ ᠴᠢᠩᠭᠠᠳᠬᠠᠵᠤ᠂ ᠢᠯᠴᠢ ᠬᠠᠩᠭᠠᠬᠤ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠵᠦ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠶ ᠪᠠᠷ ᠢᠯᠴᠢ | ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠰᠠᠯᠠᠭ᠎ᠠ | ᠮᠥᠴᠢᠷ ᠤᠨ ᠢᠶᠠᠨ ᠠᠵᠢᠯ ᠲᠥᠷᠥᠯ ᠤᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ | ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠨᠢᠭᠡᠳᠦᠯᠲᠡᠶ ᠲᠥᠯᠥᠪᠯᠡᠨ ᠠᠬᠢᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠬᠢᠷᠠᠭᠤᠯᠤᠨ ᠪᠠᠶᠢᠷᠢᠯᠠᠭᠤᠯᠬᠤ | ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | 1. ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠬᠤᠷᠢᠶᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠳᠤᠯᠠᠭᠠᠴᠠᠭᠤᠯᠬᠤ ᠢᠨᠵᠧᠨᠧᠷᠢᠩ ᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ | ᠬᠠᠷᠢᠭᠤᠴᠠᠯᠭᠠᠲᠠᠨ ᠪᠣᠯᠬᠤᠷ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ︵ᠠᠵᠤ ᠠᠬᠤᠶᠢᠯᠠᠯ︶᠂ | ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ | ᠲᠦᠷᠢᠮ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠬᠠᠤᠯᠢ ᠬᠡᠷᠡᠭᠵᠢᠭᠦᠯᠬᠦ ᠬᠦᠴᠦᠨ ᠢ | ᠲᠡᠭᠦᠯᠳᠡᠷᠵᠢᠭᠦᠯᠵᠦ᠂ ᠢᠯᠴᠢ ᠬᠠᠩᠭᠠᠬᠤ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠨ᠂ ᠠᠰᠠᠭᠤᠳᠠᠯ ᠢ ᠡᠷᠢᠵᠦ᠂ ᠠᠷᠭ᠎ᠠ ᠪᠣᠳᠣᠯᠭ᠎ᠠ ᠳᠤᠷᠠᠳᠴᠤ᠂ | ᠴᠡᠭᠴᠡᠯᠡᠨ ᠵᠠᠰᠠᠬᠤ ᠶᠢ ᠬᠡᠷᠡᠭᠵᠢᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠠᠰᠠᠭᠤᠳᠠᠯ ᠢ ᠵᠢᠭᠰᠠᠭᠠᠨ | ᠪᠠᠶᠢᠴᠠᠭᠠᠬᠤ ᠪᠠ ᠢᠨᠵᠧᠨᠧᠷᠢᠩ ᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ ︽ᠨᠢᠭᠡ ᠰᠢᠶᠠᠨ ᠳᠤ ᠨᠢᠭᠡ ᠠᠷᠭ᠎ᠠ | ᠪᠣᠳᠣᠯᠭ᠎ᠠ᠂ ᠨᠢᠭᠡ ᠵᠢᠵᠢᠭ ᠲᠣᠭᠤᠷᠢᠭ ᠲᠤ ᠨᠢᠭᠡ ᠨᠠᠷᠢᠨ ᠲᠠᠩᠰᠠ︾ ᠶᠣᠰᠣᠭᠠᠷ᠂ ᠳᠤᠯᠠᠭᠠᠴᠠᠬᠤ ᠢᠨᠵᠧᠨᠧᠷᠢᠩ ᠪᠠ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠦᠨ᠎ᠡ᠃ | 2. ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠢᠯᠴᠢ | ᠬᠠᠩᠭᠠᠬᠤ ᠠᠵᠤ ᠠᠬᠤᠶᠢᠯᠠᠯ ᠤᠳ ᠢᠯᠴᠢ ᠬᠠᠩᠭᠠᠬᠤ ᠶᠢ ᠠᠮᠤᠷ ᠲᠦᠪᠰᠢᠨ᠂ ᠲᠣᠭᠲᠠᠭᠤᠨ᠂ ᠦᠷᠭᠦᠯᠵᠢᠯᠡᠨ ᠲᠤᠭ᠎ᠠ | ᠬᠡᠮᠵᠢᠶ᠎ᠡ ᠶᠢ ᠪᠠᠲᠤᠯᠠᠨ ᠢᠯᠴᠢ ᠬᠠᠩᠭᠠᠬᠤ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠶ᠂ ᠢᠯᠴᠢ ᠬᠠᠩᠭᠠᠬᠤ | ᠶᠠᠰᠤ ᠴᠢᠨᠠᠷ ᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ ᠰᠢᠨ᠎ᠡ ᠪᠠᠷ ᠪᠠᠶᠢᠭᠤᠯᠤᠭᠰᠠᠨ ᠢᠯᠴᠢ ᠶᠢᠨ ᠬᠡᠷᠡᠭᠯᠡᠭᠴᠢ ᠶᠢᠨ | ᠦᠵᠦᠭᠦᠷ ᠤᠨ ᠬᠡᠮᠵᠢᠯᠲᠡ ᠶᠢᠨ ᠲᠣᠨᠣᠭᠯᠠᠯ ᠪᠤᠶᠤ ᠡᠷᠦᠬᠡ ᠳᠤ ᠣᠷᠣᠬᠤ ᠠᠮᠠᠰᠠᠷ ᠠᠴᠠ ᠭᠠᠳᠠᠨᠠᠬᠢ ᠢᠯᠴᠢ ᠬᠠᠩᠭᠠᠬᠤ | ᠪᠡᠯᠡᠳᠬᠡᠮᠵᠢ᠂ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ | ᠶᠣᠰᠣᠭᠠᠷ ᠡᠭᠦᠷᠭᠡᠯᠡᠬᠦ ᠬᠡᠷᠡᠭᠲᠡᠶ︔ ᠲᠤᠰᠬᠠᠶ ᠰᠡᠯᠪᠢᠨ ᠵᠠᠰᠠᠬᠤ ᠡᠩᠨᠡᠭᠡ ᠶᠢ ᠪᠠᠶᠢᠭᠤᠯᠵᠤ᠂ ᠡᠯ᠎ᠡ ᠲᠥᠷᠥᠯ ᠤᠨ ᠬᠡᠮ | ᠰᠣᠭᠤᠭ ᠢ ᠴᠠᠭ ᠲᠤᠬᠠᠶ ᠳᠤᠨᠢ ᠰᠡᠯᠪᠢᠨ ᠵᠠᠰᠠᠬᠤ ᠬᠡᠷᠡᠭᠲᠡᠶ︔ ᠢᠯᠴᠢ ᠬᠡᠷᠡᠭᠯᠡᠬᠦ ᠡᠷᠦᠬᠡ ᠶᠢᠨ ᠭᠡᠷ ᠤᠨ ᠳᠤᠯᠠᠭᠠᠨ ᠢ | ᠪᠠᠶᠢᠴᠠᠭᠠᠨ ᠬᠡᠮᠵᠢᠬᠦ ᠰᠢᠰᠲ᠋ᠧᠮ ᠢ ᠪᠠᠶᠢᠭᠤᠯᠬᠤ ᠶᠢᠨ ᠬᠠᠮᠲᠤ ᠰᠢᠰᠲ᠋ᠧᠮ ᠤᠨ ᠬᠡᠪ ᠤᠨ ᠠᠵᠢᠯᠯᠠᠭᠠᠨ ᠢ ᠪᠠᠲᠤᠯᠠᠬᠤ | ᠬᠡᠷᠡᠭᠲᠡᠶ︔ ᠢᠯᠴᠢ ᠬᠠᠩᠭᠠᠬᠤ ᠬᠡᠷᠡᠭᠯᠡᠭᠴᠢᠳ ᠤᠨ ᠭᠡᠷ ᠤᠨ ᠳᠤᠯᠠᠭᠠᠨ ᠢ ᠪᠠᠶᠢᠴᠠᠭᠠᠨ ᠬᠡᠮᠵᠢᠬᠦ ᠰᠢᠰᠲ᠋ᠧᠮ ᠢ | ᠪᠠᠶᠢᠭᠤᠯᠵᠤ᠂ ᠭᠡᠷ ᠤᠨ ᠳᠤᠯᠠᠭᠠᠨ ᠪᠠᠷᠢᠮᠵᠢᠶ᠎ᠠ ᠳᠤ ᠬᠦᠷᠬᠦ ᠦᠭᠡᠢ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠵᠦ᠂ ᠬᠡᠷᠡᠭᠯᠡᠭᠴᠢᠳ ᠤᠨ ᠵᠦᠢ ᠶᠣᠰᠣᠨ ᠤ ᠭᠤᠶᠤᠴᠢᠯᠠᠯ ᠳᠤ ᠬᠠᠷᠢᠭᠤᠯᠲᠠ ᠥᠭᠴᠦ᠂ ᠳᠤᠯᠠᠭᠠᠨ ᠤ | ᠬᠡᠮᠵᠢᠶ᠎ᠡ ᠶᠢ ᠪᠠᠷᠢᠮᠵᠢᠶ᠎ᠠ ᠳᠤ ᠬᠦᠷᠬᠦ ᠦᠭᠡᠢ ᠬᠤᠭᠤᠴᠠᠭ᠎ᠠ ᠶᠢ ᠲᠣᠭᠲᠠᠭᠠᠯ ᠶᠣᠰᠣᠭᠠᠷ ᠪᠤᠴᠠᠭᠠᠬᠤ ᠬᠡᠷᠡᠭᠲᠡᠶ᠃ ᠠᠳᠠᠯ | ᠠᠬᠤᠶ ᠶᠢᠨ ᠠᠵᠤ ᠠᠬᠤᠶᠢᠯᠠᠯ ᠤᠳ ᠵᠢᠵᠢᠭ ᠲᠣᠭᠤᠷᠢᠭ ᠤᠨ ᠬᠦᠷᠢᠶ᠎ᠡ ᠬᠦᠷᠢᠶ᠎ᠡ ᠵᠢᠴᠢ ᠠᠰᠠᠷ ᠤᠨ ᠳᠣᠲᠣᠷᠠᠬᠢ | ᠢᠯᠴᠢ ᠬᠠᠩᠭᠠᠬᠤ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠢ | ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠷᠦᠬᠡ ᠶᠢᠨ ᠳᠣᠲᠣᠷᠠᠬᠢ ᠱᠦᠭᠦᠬᠦ ᠲᠣᠤᠷ ᠢ ᠤᠬᠢᠶᠠᠵᠤ | ᠴᠡᠪᠡᠷᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | 3. ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢᠭᠡ ᠳᠤ᠂ ᠢᠯᠴᠢ | ᠬᠠᠩᠭᠠᠬᠤ ᠲᠤᠰᠬᠠᠶ ᠲᠥᠯᠥᠪᠵᠢᠭᠦᠯᠭᠡ ᠶᠢ ᠬᠡᠷᠡᠭᠵᠢᠭᠦᠯᠬᠦ ᠵᠢᠴᠢ ᠥᠪᠡᠷ ᠤᠨ ᠥᠷᠲᠡᠭ ᠢ ᠬᠢᠨᠠᠨ ᠬᠢᠨᠠᠵᠤ ᠬᠢᠨᠠᠨ | ᠬᠠᠮᠢᠶᠠᠷᠤᠨ᠎ᠠ︔ ᠢᠯᠴᠢ ᠬᠠᠩᠭᠠᠬᠤ ᠶᠢ ᠵᠥᠪᠰᠢᠶᠡᠷᠡᠬᠦ ᠨᠥᠬᠦᠴᠡᠯ ᠵᠢᠴᠢ ᠪᠡᠯᠡᠳᠬᠡᠮᠵᠢ ᠲᠥᠬᠦᠭᠡᠷᠦᠮᠵᠢ ᠶᠢ ᠪᠦᠲᠦᠭᠡᠨ | ᠪᠠᠶᠢᠭᠤᠯᠬᠤ᠂ ᠬᠠᠮᠠᠭᠠᠯᠠᠬᠤ᠂ ᠰᠢᠨᠡᠳᠬᠡᠨ ᠥᠭᠡᠷᠡᠴᠢᠯᠡᠬᠦ ᠪᠠ ᠡᠵᠡᠩᠨᠡᠬᠦ ᠠᠵᠢᠯᠯᠠᠭ᠎ᠠ ᠶᠢᠨ ᠪᠦᠬᠦ ᠶᠠᠪᠤᠴᠠ ᠶᠢ ᠬᠢᠨᠠᠨ | ᠬᠠᠮᠢᠶᠠᠷᠤᠨ᠎ᠠ᠃ ᠬᠤᠶᠠᠷ ᠲᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠣᠯᠤᠨ | ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ | ᠬᠠᠮᠢᠶᠠᠷᠤᠯᠲᠠ ᠬᠢᠵᠦ᠂ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠢᠯᠴᠢ ᠬᠠᠩᠭᠠᠬᠤ ᠪᠡᠯᠡᠳᠬᠡᠮᠵᠢ | ᠲᠥᠬᠦᠭᠡᠷᠦᠮᠵᠢ ᠶᠢ ᠤᠭᠰᠠᠷᠠᠭᠤᠯᠵᠤ᠂ ᠬᠢᠮᠳᠠ ᠪᠥᠭᠡᠳ ᠴᠢᠨᠠᠷ ᠮᠠᠭᠤ ᠪᠠᠷᠢᠯᠭ᠎ᠠ ᠶᠢᠨ ᠮᠠᠲ᠋ᠧᠷᠢᠶᠠᠯ ᠢ ᠰᠣᠩᠭᠤᠨ | ᠬᠡᠷᠡᠭᠯᠡᠵᠦ ᠪᠣᠯᠬᠤ ᠦᠭᠡᠶ᠃ ᠬᠢᠨᠠᠨ ᠬᠠᠮᠢᠶᠠᠷᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ | ᠰᠢᠮᠳᠠᠭᠤᠯᠤᠨ ᠵᠢᠯᠣᠭᠤᠳᠴᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ | ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ᠂ ᠴᠢᠬᠤᠯᠠ ᠣᠷᠣᠨ ᠪᠠᠶᠢᠷᠢ ᠪᠣᠯᠤᠨ ᠳᠠᠯᠳᠠ ᠪᠠᠷᠢᠯᠭ᠎ᠠ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠬᠠᠤᠯᠢ ᠶᠣᠰᠣᠭᠠᠷ ᠰᠢᠶ᠋ᠳᠪᠦᠷᠢᠯᠡᠨ᠎ᠡ᠃ ᠭᠤᠷᠪᠠ ᠳᠤ ᠢᠯᠴᠢ ᠬᠠᠩᠭᠠᠬᠤ ᠬᠡᠷᠡᠭᠯᠡᠭᠴᠢ ᠠᠴᠠ ᠢᠯᠴᠢ | ᠬᠠᠩᠭᠠᠬᠤ ᠡᠷᠭᠢᠯᠳᠡᠳᠦ ᠤᠰᠤ ᠶᠢ ᠳᠤᠷ᠎ᠠ ᠪᠠᠷ ᠢᠶᠠᠨ ᠠᠪᠴᠤ ᠬᠡᠷᠡᠭᠯᠡᠨ᠂ ᠢᠯᠴᠢ ᠬᠠᠩᠭᠠᠬᠤ ᠲᠠᠯᠠᠪᠠᠶ ᠶᠢ | ᠳᠤᠷ᠎ᠠ ᠪᠠᠷ ᠢᠶᠠᠨ ᠨᠡᠮᠡᠭᠳᠡᠭᠦᠯᠬᠦ ᠪᠤᠶᠤ ᠢᠯᠴᠢ ᠬᠡᠷᠡᠭᠯᠡᠬᠦ ᠲᠠᠯᠠᠪᠠᠶ ᠶᠢ ᠬᠤᠪᠢᠷᠠᠭᠤᠯᠵᠤ᠂ ᠢᠯᠴᠢ ᠬᠠᠩᠭᠠᠬᠤ ᠬᠤᠭᠤᠯᠠᠶ | ᠳᠡᠭᠡᠷ᠎ᠡ ᠬᠤᠭᠤᠯᠠᠶ ᠶᠢᠨ ᠬᠥᠭᠡᠷᠭᠡ ᠤᠭᠰᠠᠷᠠᠭᠰᠠᠨ ᠵᠡᠷᠭᠡ ᠢᠯᠴᠢ ᠬᠠᠩᠭᠠᠬᠤ ᠠᠵᠢᠯᠯᠠᠭᠠᠨ ᠤ ᠠᠷᠭ᠎ᠠ ᠮᠠᠶ᠋ᠢᠭ ᠢ | ᠳᠤᠷ᠎ᠠ ᠪᠠᠷ ᠢᠶᠠᠨ ᠬᠤᠪᠢᠷᠠᠭᠤᠯᠵᠤ᠂ ᠢᠯᠴᠢ ᠬᠠᠩᠭᠠᠬᠤ ᠪᠡᠯᠡᠳᠬᠡᠮᠵᠢ ᠶᠢ ᠳᠤᠷ᠎ᠠ ᠪᠠᠷ ᠢᠶᠠᠨ ᠥᠭᠡᠷᠡᠴᠢᠯᠡᠨ | ᠤᠭᠰᠠᠷᠠᠭᠰᠠᠨ᠂ ᠰᠢᠯᠵᠢᠭᠰᠡᠨ᠂ ᠪᠦᠷᠬᠦᠭᠰᠡᠨ᠂ ᠨᠤᠷᠠᠭᠠᠭᠰᠠᠨ᠂ ᠡᠪᠳᠡᠭᠰᠡᠨ ᠪᠠᠶᠢᠪᠠᠯ᠂ ᠬᠠᠤᠯᠢ ᠲᠣᠭᠲᠠᠭᠠᠯ | ᠶᠣᠰᠣᠭᠠᠷ ᠰᠢᠢᠳᠬᠡᠨ᠎ᠡ᠃ ᠳᠥᠷᠪᠡ ᠳᠤ ᠬᠥᠭᠵᠢᠭᠦᠯᠦᠯᠲᠡ ᠥᠭᠡᠷᠡᠴᠢᠯᠡᠯᠲᠡ ︵ᠡᠨᠧᠷᠭᠢ︶ ᠶᠢᠨ ᠰᠠᠯᠠᠭ᠎ᠠ ᠮᠥᠴᠢᠷ ᠢ | ᠢᠳᠡᠪᠬᠢᠲᠡᠶ ᠵᠣᠬᠢᠴᠠᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠢᠯᠴᠢ ᠬᠠᠩᠭᠠᠬᠤ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠯᠴᠢ ᠬᠠᠩᠭᠠᠬᠤ ᠳᠤ ᠬᠡᠷᠡᠭᠯᠡᠬᠦ ᠳᠤᠮᠳᠠ ᠣᠷᠳᠣ ᠬᠤᠭᠤᠴᠠᠭᠠᠨ ᠤ | ᠭᠡᠷ᠎ᠡ ᠶᠢ ᠡᠷᠲᠡᠬᠡᠨ ᠲᠣᠭᠲᠠᠵᠤ᠂ ᠡᠨᠧᠷᠭᠢ ᠶᠢᠨ ᠬᠠᠩᠭᠠᠯᠭ᠎ᠠ ᠭᠦᠢᠴᠡᠳ᠂ ᠰᠢᠲᠠᠭᠠᠯᠭ᠎ᠠ ᠶᠢᠨ ᠨᠥᠭᠡᠴᠡ ᠶᠢ | ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠢᠯᠴᠢ ᠬᠠᠩᠭᠠᠬᠤ ᠶᠢ ᠲᠣᠭᠲᠠᠭᠤᠨ ᠪᠠᠶᠢᠯᠭᠠᠬᠤ ᠶᠢ ᠦᠨᠡᠨᠬᠦ | ᠪᠠᠲᠤᠯᠠᠬᠤ ᠬᠡᠷᠡᠭᠲᠡᠶ᠃ ᠲᠠᠪᠤ ᠳᠤ᠂ ᠢᠯᠴᠢ ᠬᠠᠩᠭᠠᠬᠤ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ | ᠰᠠᠭᠤᠭᠠᠯᠢ ᠠᠷᠠᠳ ᠤᠨ ᠰᠦᠢᠳᠬᠡᠯ ᠢ ᠨᠢ ᠢᠯᠭᠠᠷᠠᠭᠤᠯᠤᠨ ᠲᠤᠰᠢᠶᠠᠵᠤ᠂ ᠢᠯᠴᠢ ᠬᠠᠩᠭᠠᠬᠤ ᠠᠵᠤ ᠠᠬᠤᠶᠢᠯᠠᠯ ᠤᠨ | ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ︵ᠡᠨᠧᠷᠭᠢ︶ ᠶᠢᠨ ᠰᠠᠯᠠᠭ᠎ᠠ ᠮᠥᠴᠢᠷ ᠨᠢᠭᠡ ᠳᠤ ᠨᠡᠭᠦᠷᠡᠰᠦ᠂ ᠰᠢᠲᠠᠮᠠᠬᠠᠶ | ᠬᠡᠶ᠂ ᠴᠠᠬᠢᠯᠭᠠᠨ ᠬᠦᠴᠦᠨ ᠵᠡᠷᠭᠡ ᠢᠯᠴᠢ ᠬᠠᠩᠭᠠᠬᠤ ᠡᠨᠧᠷᠭᠢ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ | ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠡᠨᠧᠷᠭᠢ ᠶᠢᠨ | ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠴᠢᠨᠠᠷ ᠰᠠᠶᠢᠲᠠᠶ ᠨᠡᠭᠦᠷᠡᠰᠦᠨ ᠬᠡᠢ ᠶᠢᠨ ᠢᠷᠡᠯᠲᠡ ᠶᠢ | ᠨᠠᠶᠢᠳᠠᠪᠤᠷᠢᠵᠢᠭᠤᠯᠬᠤ ᠶᠢᠨ ᠬᠠᠮᠲᠤ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠶᠠᠰᠤ ᠴᠢᠨᠠᠷ ᠪᠠ ᠲᠤᠭ᠎ᠠ | ᠬᠡᠮᠵᠢᠶ᠎ᠡ ᠶᠢ ᠪᠠᠲᠤᠯᠠᠬᠤ ᠶᠢ ᠵᠣᠬᠢᠴᠠᠭᠤᠯᠬᠤ ᠶᠢᠨ ᠬᠠᠮᠲᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ | ᠵᠠᠰᠠᠬᠤ ᠴᠠᠬᠢᠯᠭᠠᠨ ᠬᠦᠴᠦᠨ ᠤ ᠬᠠᠨᠤᠮᠵᠢ ᠶᠢᠨ ᠬᠡᠮᠵᠢᠶ᠎ᠡ ᠭᠦᠢᠴᠡᠳ ᠪᠠᠶᠢᠬᠤ ᠶᠢ ᠪᠠᠲᠤᠯᠠᠨ᠎ᠠ᠃ ᠬᠤᠶᠠᠷ ᠲᠤ᠂ | ᠨᠡᠭᠦᠷᠡᠰᠦ᠂ ᠰᠢᠲᠠᠮᠠᠬᠠᠢ ᠬᠡᠢ ᠶᠢᠨ ᠦᠨ᠎ᠡ ᠬᠠᠩᠰᠢ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ | ᠨᠡᠭᠦᠷᠡᠰᠦ᠂ ᠰᠢᠲᠠᠮᠠᠬᠠᠢ ᠬᠡᠢ ᠶᠢᠨ ᠦᠨ᠎ᠡ ᠬᠠᠩᠰᠢ ᠶᠢ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠎ᠡ᠃ | ᠭᠤᠷᠪᠠ ᠳᠤ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠢᠯᠴᠢ ᠬᠠᠩᠭᠠᠬᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠪᠠᠶᠢᠭᠤᠯᠵᠤ᠂ ᠲᠦᠭᠦᠬᠡᠶ ᠮᠠᠲ᠋ᠧᠷᠢᠶᠠᠯ᠂ ᠡᠨᠧᠷᠭᠢ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠢᠯᠴᠢ ᠬᠠᠩᠭᠠᠬᠤ ᠦᠨ᠎ᠡ ᠬᠠᠩᠰᠢ ᠶᠢ ᠵᠦᠶ ᠵᠣᠬᠢᠰᠲᠠᠶ | ᠲᠣᠬᠢᠷᠠᠭᠤᠯᠤᠨ᠎ᠠ︔ ᠢᠯᠴᠢ ᠬᠠᠩᠭᠠᠬᠤ ᠬᠡᠮᠵᠢᠯᠲᠡ ᠶᠢᠨ ᠨᠢᠭᠡᠴᠢ ᠦᠨ᠎ᠡ ᠬᠠᠩᠰᠢ ᠶᠢᠨ ᠰᠦᠢᠳᠬᠡᠯ ᠬᠤᠷᠢᠶᠠᠬᠤ | ᠪᠠᠷᠢᠮᠵᠢᠶ᠎ᠠ ︵ᠲᠥᠭᠦᠷᠢᠭ / GJ︶ ᠶᠢ ᠲᠦᠷᠭᠡᠬᠡᠨ ᠲᠣᠭᠲᠠᠭᠠᠵᠤ᠂ ᠢᠯᠴᠢ ᠬᠠᠩᠭᠠᠬᠤ ᠬᠡᠮᠵᠢᠯᠲᠡ ᠶᠢᠨ ᠰᠦᠢᠳᠬᠡᠯ | ᠬᠤᠷᠢᠶᠠᠬᠤ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢᠭᠡ ᠳᠤ ᠵᠠᠰᠠᠭ ᠵᠠᠬᠢᠷᠭᠠᠨ ᠤ ᠠᠵᠢᠯ ᠦᠢᠯᠡᠰ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠩᠭᠡᠷᠡᠭᠰᠡᠨ ᠵᠢᠯ ᠤᠳ ᠤᠨ ᠢᠯᠴᠢ ᠬᠠᠩᠭᠠᠬᠤ ᠳᠤᠯᠠᠭᠠᠯᠠᠭ᠎ᠠ ᠶᠢᠨ ᠰᠦᠢᠳᠬᠡᠯ ᠢ ᠢᠯᠭᠠᠷᠠᠭᠤᠯᠤᠨ | ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠡᠭᠦᠷᠭᠡᠯᠡᠬᠦ ᠠᠴᠠ ᠪᠣᠯᠤᠭᠰᠠᠨ ᠢᠯᠡᠭᠦᠴᠡ ᠵᠠᠷᠤᠳᠠᠯ ᠳᠤ ᠵᠣᠬᠢᠬᠤ ᠨᠥᠬᠦᠪᠥᠷᠢ | ᠣᠯᠭᠤᠨ᠎ᠠ᠃ ᠬᠤᠶᠠᠷ ᠲᠤ᠂ ᠡᠳ᠋ ᠤᠨ ᠵᠠᠰᠠᠭ ᠤᠨ ᠨᠥᠬᠦᠪᠥᠷᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠢᠯᠴᠢ | ᠬᠠᠩᠭᠠᠬᠤ ᠠᠵᠤ ᠠᠬᠤᠶᠢᠯᠠᠯ ᠳᠤ ᠬᠦᠴᠢᠷᠳᠡᠯ ᠤᠨ ᠨᠥᠬᠦᠪᠥᠷᠢ ᠣᠯᠭᠤᠨ᠎ᠠ᠃ ᠠᠮᠢ ᠠᠬᠤᠶ ᠣᠷᠴᠢᠨ ᠲᠣᠭᠤᠷᠢᠨ ᠤ | ᠰᠠᠯᠠᠭ᠎ᠠ ᠮᠥᠴᠢᠷ ᠤᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠨᠥᠬᠦᠪᠥᠷᠢ ᠶᠢᠨ ᠪᠡᠯᠡ ᠮᠥᠩᠭᠦ ᠶᠢ | ᠢᠳᠡᠪᠬᠢᠯᠡᠨ ᠣᠯᠵᠤ᠂ ᠨᠡᠭᠦᠷᠡᠰᠦ ᠰᠢᠲᠠᠭᠠᠬᠤ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠨᠡᠭᠦᠷᠡᠰᠦ | ᠰᠢᠲᠠᠭᠠᠵᠤ ᠢᠯᠴᠢ ᠬᠠᠩᠭᠠᠬᠤ ᠵᠤᠤᠬ᠎ᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠬᠡᠳᠦ ᠳᠣᠤᠷ᠎ᠠ | ᠭᠠᠳᠠᠭᠰᠢᠯᠠᠭᠤᠯᠤᠯᠲᠠ ᠶᠢ ᠲᠠᠰ ᠳᠡᠪᠰᠢᠭᠦᠯᠦᠨ ᠥᠭᠡᠷᠡᠴᠢᠯᠡᠬᠦ ᠵᠢᠴᠢ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠪᠠᠶᠢᠴᠠᠭᠠᠨ ᠬᠡᠮᠵᠢᠬᠦ ᠶᠢ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ | ᠢᠯᠴᠢ ᠬᠠᠩᠭᠠᠬᠤ ᠠᠵᠤ ᠠᠬᠤᠶᠢᠯᠠᠯ᠂ ᠰᠠᠭᠤᠭᠠᠯᠢ ᠠᠷᠠᠳ ᠤᠨ ᠳᠤᠯᠠᠭᠠᠴᠠᠬᠤ ᠢᠨᠵᠧᠨᠧᠷᠢᠩ ᠤᠨ ᠪᠡᠯᠡ | ᠮᠥᠩᠭᠦ ᠶᠢ ᠵᠦᠢ ᠵᠣᠬᠢᠰᠲᠠᠶ ᠬᠠᠮᠲᠤᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ | ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ | ᠵᠠᠰᠠᠭ ᠤᠨ ᠣᠷᠳᠣᠨ ᠪᠣᠯᠤᠨ ᠰᠠᠭᠤᠷᠢ ᠮᠥᠩᠭᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ | ᠮᠥᠩᠭᠦ ᠴᠤᠭᠯᠠᠭᠤᠯᠵᠤ᠂ ᠢᠯᠴᠢ ᠬᠠᠩᠭᠠᠬᠤ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ | ᠡᠭᠦᠨ ᠤ ᠬᠠᠮᠲᠤ ᠢᠯᠴᠢ ᠬᠠᠩᠭᠠᠬᠤ ᠠᠵᠤ ᠠᠬᠤᠶᠢᠯᠠᠯ ᠨᠢ ᠲᠡᠭᠦᠨ ᠤ ᠦᠢᠯᠡᠴᠢᠯᠡᠭᠡᠨ ᠤ ᠬᠡᠪᠴᠢᠶᠡᠨ ᠳᠠᠬᠢ | ᠪᠡᠯᠡᠳᠬᠡᠮᠵᠢ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ ᠪᠡᠯᠡ ᠭᠠᠷᠭᠠᠬᠤ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠬᠡᠬᠦ ᠬᠡᠷᠡᠭᠲᠡᠶ᠃ | ︵ᠲᠦᠷᠪᠡ︶ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | 1. ᠪᠠᠲᠤᠯᠠᠭ᠎ᠠ ᠶᠢᠨ ᠮᠥᠩᠭᠦ ᠶᠢᠨ ᠳᠦᠷᠢᠮ ᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠳᠦᠷᠢᠮ︾ ᠤᠨ ᠶᠣᠰᠣᠭᠠᠷ᠂ ᠢᠯᠴᠢ ᠬᠠᠩᠭᠠᠬᠤ | ᠬᠤᠭᠤᠯᠠᠶ ᠶᠢᠨ ᠲᠣᠤᠷ ᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠪᠠᠲᠤᠯᠠᠭ᠎ᠠ ᠶᠢᠨ ᠮᠥᠩᠭᠦ ᠶᠢᠨ | ᠳᠦᠷᠢᠮ ᠢ ᠪᠠᠶᠢᠭᠤᠯᠵᠤ᠂ ᠬᠠᠮᠲᠤᠪᠠᠷ ᠬᠠᠮᠢᠶᠠᠷᠬᠤ ᠳᠠᠩᠰᠠᠨ ᠡᠷᠦᠬᠡ ᠪᠠᠶᠢᠭᠤᠯᠵᠤ᠂ ᠢᠯᠴᠢ ᠬᠠᠩᠭᠠᠬᠤ ᠪᠡᠯᠡᠳᠬᠡᠮᠵᠢ | ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠪᠡᠯᠡ ᠮᠥᠩᠭᠦ ᠶᠢ ᠴᠤᠭᠯᠠᠭᠤᠯᠵᠤ᠂ | ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | 2. ᠵᠥᠪᠰᠢᠶᠡᠷᠡᠨ ᠣᠷᠣᠭᠤᠯᠬᠤ᠂ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢᠯᠴᠢ ᠬᠠᠩᠭᠠᠬᠤ ᠡᠵᠡᠩᠨᠡᠯᠲᠡ ᠶᠢᠨ ᠵᠥᠪᠰᠢᠶᠡᠷᠡᠯ ᠤᠨ | ᠬᠠᠮᠢᠶᠠᠷᠤᠯᠲᠠ ᠶᠢ ᠬᠢᠨᠠᠨ ᠵᠥᠪᠰᠢᠶᠡᠷᠡᠬᠦ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠰᠠᠭᠤᠭᠠᠯᠢ | ᠠᠷᠠᠳ ᠤᠨ ᠵᠠᠭᠠᠯᠳᠤᠯᠭ᠎ᠠ ᠶᠢᠨ ᠬᠡᠮᠵᠢᠶ᠎ᠡ ᠶᠡᠭᠡ᠂ ᠲᠤᠰᠬᠠᠭᠰᠠᠨ ᠠᠰᠠᠭᠤᠳᠠᠯ ᠣᠯᠠᠨ᠂ ᠣᠷᠳᠣ ᠬᠤᠭᠤᠴᠠᠭ᠎ᠠ ᠪᠠᠷ | ᠢᠯᠴᠢ ᠬᠠᠩᠭᠠᠬᠤ ᠨᠢ ᠪᠠᠷᠢᠮᠵᠢᠶ᠎ᠠ ᠳᠤ ᠬᠦᠷᠬᠦ ᠥᠬᠡᠶ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠥᠬᠡᠶ ᠢᠯᠴᠢ ᠬᠠᠩᠭᠠᠬᠤ ᠠᠵᠤ ᠠᠬᠤᠶᠢᠯᠠᠯ ᠢ ᠢᠯᠴᠢ ᠬᠠᠩᠭᠠᠬᠤ | ᠵᠠᠬ᠎ᠠ ᠳᠡᠯᠭᠡᠭᠦᠷ ᠠᠴᠠ ᠬᠠᠤᠯᠢ ᠶᠣᠰᠣᠭᠠᠷ ᠢᠯᠭᠠᠷᠠᠭᠤᠯᠤᠨ ᠭᠠᠷᠭᠠᠨ᠎ᠠ᠃ | ︵ᠲᠠᠪᠤ︶ ᠱᠠᠯᠠᠪᠳᠠᠭᠤᠯᠤᠨ ᠵᠢᠯᠤᠭᠤᠳᠬᠤ ᠶᠢ ᠴᠢᠩᠭᠠᠳᠬᠠᠨ᠎ᠠ | ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠮᠡᠳᠡᠭᠡ᠂ ᠰᠡᠷᠡᠮᠵᠢᠯᠡᠭᠦᠯᠬᠦ ᠰᠠᠨᠠᠭᠤᠯᠭ᠎ᠠ᠂ ᠭᠤᠣᠯᠳᠠᠯᠭ᠎ᠠ ᠲᠠᠢ | ᠪᠣᠯᠵᠣᠨ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ | ᠪᠣᠳᠠᠲᠠᠶᠢᠵᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠠᠵᠢᠯ ᠤᠨ ᠠᠭᠢᠴᠠ ᠤᠳᠠᠭᠠᠨ ᠪᠠᠶᠢᠬᠤ | ᠲᠤᠬᠠᠢ ᠮᠡᠳᠡᠭᠡᠯᠡᠯ | ︵ᠵᠢᠷᠭᠤᠭ᠎ᠠ︶ ᠢᠯᠴᠢ ᠬᠠᠩᠭᠠᠬᠤ ᠦᠢᠯᠡᠴᠢᠯᠡᠭᠡ ᠶᠢ ᠰᠠᠶᠢᠵᠢᠷᠠᠭᠤᠯᠤᠨ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠪᠠᠶᠢᠭᠤᠯᠵᠤ᠂ | ᠨᠡᠶᠢᠭᠡᠮ ᠲᠣᠭᠤᠷᠢᠭ᠂ ᠢᠯᠴᠢ ᠬᠠᠩᠭᠠᠬᠤ ᠠᠵᠤ ᠠᠬᠤᠶᠢᠯᠠᠯ᠂ ᠠᠳᠠᠯ ᠠᠬᠤᠶ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠠᠷᠠᠳ | ᠢᠷᠭᠡᠳ ᠤᠨ ᠳᠤᠯᠠᠭᠠᠯᠠᠭ᠎ᠠ ᠶᠢᠨ ᠠᠵᠢᠯ ᠢ ᠥᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ | ᠣᠯᠠᠨ ᠲᠦᠮᠡᠨ ᠢ ᠬᠠᠪᠰᠤᠷᠤᠨ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ︽ᠳᠤᠯᠠᠭᠠᠨ ᠤᠷᠤᠰᠬᠠᠯ︾ ᠢ | ᠡᠷᠦᠬᠡ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ | ᠲᠣᠬᠢᠷᠠᠭᠤᠯᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠠᠵᠢᠯᠲᠠᠨ ᠲᠣᠬᠢᠷᠠᠭᠤᠯᠵᠤ᠂ ᠵᠢᠵᠢᠭ ᠲᠣᠭᠤᠷᠢᠭ ᠲᠤ | ᠢᠯᠴᠢ ᠬᠠᠩᠭᠠᠬᠤ ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠨ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ︵ᠳᠤᠯᠤᠭ᠎ᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ | 1. ᠣᠯᠠᠨ ᠠᠷᠭ᠎ᠠ ᠵᠠᠮ ᠢᠶᠠᠷ ᠤᠬᠠᠭᠤᠯᠭ᠎ᠠ ᠬᠢᠨ᠎ᠡ᠃ ᠷᠠᠳᠢᠣ᠋ ᠲᠧᠯᠸᠢᠰ᠂ ᠰᠦᠯᠵᠢᠶᠡᠨ ᠤ ᠵᠠᠭᠤᠴᠢᠯᠠᠭᠤᠷ᠂ | ᠡᠯᠭᠦᠭᠡ ᠵᠢᠷᠤᠭ ᠵᠡᠷᠭᠡ ᠤᠬᠠᠭᠤᠯᠭ᠎ᠠ ᠶᠢᠨ ᠵᠠᠭᠤᠴᠢ ᠵᠢᠴᠢ ᠬᠡᠷ ᠤᠨ ᠭᠠᠳᠠᠨᠠᠬᠢ ᠡᠯᠧᠺᠳ᠋ᠷᠣᠨ ᠳᠡᠯᠭᠡᠴᠡ᠂ ᠵᠠᠷ | ᠮᠡᠳᠡᠭᠡ ᠶᠢᠨ ᠳᠡᠯᠭᠡᠴᠡ᠂ ᠨᠡᠶᠢᠲᠡ ᠶᠢᠨ ᠵᠠᠮ ᠬᠠᠷᠢᠯᠴᠠᠭᠠᠨ ᠤ ᠨᠡᠭᠦᠳᠡᠯ ᠵᠠᠷ ᠮᠡᠳᠡᠭᠡ ᠵᠡᠷᠭᠡ ᠤᠬᠠᠭᠤᠯᠭ᠎ᠠ | ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠲᠠ ᠪᠠᠯᠭᠠᠰᠤ ᠶᠢᠨ ᠢᠯᠴᠢ ᠬᠠᠩᠭᠠᠬᠤ ᠲᠦᠷᠢᠮ︾ ᠵᠢᠴᠢ ᠢᠯᠴᠢ ᠬᠠᠩᠭᠠᠬᠤ ᠮᠡᠳᠡᠯᠭᠡ᠂ ᠢᠯᠴᠢ ᠬᠠᠩᠭᠠᠬᠤ | ᠦᠢᠯᠡᠴᠢᠯᠡᠭᠡ ᠵᠡᠷᠭᠡ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠡᠷᠡᠭᠯᠡᠭᠴᠢᠳ ᠤᠨ ᠠᠮᠤᠷ ᠲᠦᠪᠰᠢᠨ᠂ ᠵᠦᠶ | ᠵᠣᠬᠢᠰᠲᠠᠶ᠂ ᠠᠵᠤ ᠠᠬᠤᠶ ᠶᠢᠨ ᠢᠯᠴᠢ ᠬᠡᠷᠡᠭᠯᠡᠬᠦ ᠶᠢ ᠬᠥᠲᠥᠯᠦᠨ ᠵᠢᠯᠣᠭᠤᠳᠤᠨ᠎ᠠ᠃ | 2. ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠎ᠡ᠃ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠠ ᠠᠵᠤ ᠠᠬᠤᠶᠢᠯᠠᠯ ᠤᠨ 24 ᠴᠠᠭ ᠤᠨ | ᠬᠡᠷᠡᠭᠯᠡᠭᠴᠢᠳ ᠤᠨ ᠦᠢᠯᠡᠴᠢᠯᠡᠭᠡ ᠵᠢᠴᠢ ᠰᠡᠯᠪᠢᠨ ᠵᠠᠰᠠᠬᠤ ᠤᠲᠠᠰᠤ ᠶᠢ ᠵᠠᠷᠯᠠᠨ ᠨᠡᠶᠢᠲᠡᠯᠡᠵᠦ᠂ ᠢᠯᠴᠢ ᠬᠠᠩᠭᠠᠬᠤ ᠶᠢ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠠᠯᠳᠤᠯᠭ᠎ᠠ ᠶᠢᠨ ᠦᠢᠯᠡᠴᠢᠯᠡᠭᠡ ᠶᠢ ᠭᠥᠯᠢᠶᠡᠨ ᠠᠪᠴᠤ | ᠰᠢᠢᠳᠪᠦᠷᠢᠯᠡᠬᠦ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠵᠢᠵᠢᠭ ᠫᠷᠤᠭ᠍ᠷᠠᠮ ᠢ ᠨᠡᠭᠡᠭᠡᠵᠦ᠂ ᠰᠢᠯᠵᠢᠮᠡᠯ ᠦᠵᠦᠭᠦᠷ᠂ | ᠳ᠋ᠢᠶᠠᠩᠬᠤᠸᠠ ᠵᠡᠷᠭᠡ ᠪᠠᠷ ᠳᠠᠮᠵᠢᠭᠤᠯᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ | ᠠᠯᠬᠤᠮ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ | ᠲᠤᠬᠠᠶ ᠳᠤᠨᠢ ᠲᠣᠬᠢᠲᠠᠶ ᠰᠢᠢᠳᠪᠦᠷᠢᠯᠡᠬᠦ ᠬᠡᠷᠡᠭᠲᠡᠶ᠃ |