2024ᠣᠨ ᠤ  ᠬᠤᠶᠠᠳᠣᠭᠠᠷ ᠬᠤᠭᠤᠴᠠᠭ᠎ᠠ ᠄    ︽ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ︾ ᠶᠢ ᠬᠦᠴᠦᠨ ᠦᠭᠡᠢ ᠪᠣᠯᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠬᠤᠷᠢᠶ᠎ᠠ ᠶᠢᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/28
   ᠬᠤᠳᠠᠯᠳᠤᠭᠠᠨ ᠤ ᠨᠠᠮ ᠠᠯᠪᠠᠨ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ    ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄    ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠭᠦᠨᠵᠡᠭᠡᠶ ᠥᠷᠨᠢᠬᠦ ᠶᠢ ᠳᠠᠭᠠᠯᠳᠤᠨ᠂ ︽ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠮᠡᠳᠡᠭᠳᠡᠯ︾ ︵ᠬᠤᠳᠠᠯᠳᠤᠭ᠎ᠠ ᠨᠠᠮ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠤᠨ ᠭᠤᠤᠯ ᠠᠭᠤᠯᠭ᠎ᠠ ᠨᠢ ᠨᠢᠭᠡᠨᠲᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠡᠷᠡᠭᠴᠡᠭᠡ ᠳᠤ ᠳᠣᠭᠢᠷᠠᠬᠤ ᠥᠬᠡᠶ ᠪᠣᠯᠵᠠᠶ᠃ ᠰᠢᠶᠠᠨ ᠤ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠪᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ 5 ᠳ᠋ᠤᠭᠠᠷ ᠤᠳᠠᠭᠠᠨ ᠤ ᠬᠤᠷᠠᠯ ᠢᠶᠠᠷ ᠬᠢᠨᠠᠨ ᠵᠥᠪᠯᠡᠵᠦ᠂ ︽ᠱᠠᠩᠳᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠮᠡᠳᠡᠭᠳᠡᠯ ︾ ︵ᠬᠤᠳᠠᠯᠳᠤᠭ᠎ᠠ ᠨᠠᠮ ᠠᠯᠪᠠᠨ ᠲᠠᠷᠬᠠᠭᠠᠭᠰᠠᠨ ︹2022︺ 16 ᠳ᠋ᠤᠭᠠᠷ ᠲᠣᠭᠠᠲᠤ︶ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠃ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠣᠨᠴᠠᠭᠠᠶᠢᠯᠠᠨ ᠮᠡᠳᠡᠭᠳᠡᠪᠡ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠬᠤᠷᠢᠶᠠᠨ ᠤ ᠠᠯᠪᠠᠨ ᠭᠡᠷ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    2024 ᠣᠨ ᠤ 3 ᠰᠠᠷ᠎ᠠ ᠶᠢᠨ 14 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2