ᠱᠠᠩᠳᠤ ᠰᠢᠶᠠᠨ᠄ ᠬᠡᠦᠬᠡᠳ ᠤᠨ ᠰᠡᠳᠬᠢᠯ ᠢ ᠮᠠᠨᠳᠤᠭᠤᠯᠵᠤ ᠰᠢᠨ᠎ᠡ ᠴᠠᠭ ᠦᠶ᠎ᠡ ᠶᠢᠨ ᠲᠠᠩᠰᠤᠭ ᠰᠠᠶᠢᠬᠠᠨ ᠠᠵᠢᠯᠯᠠᠭ᠎ᠠ ᠶᠢᠨ ︽6 · 1︾ ᠢ ᠪᠡᠯᠭᠡᠯᠡᠪᠡ
ᠨᠡᠶᠢᠲᠡᠯᠡᠭᠰᠡᠨ ᠴᠠᠭ᠄
2024/6/3
    ︽6 · 1︾ ᠤ ᠳᠡᠯᠡᠬᠡᠶ ᠶᠢᠨ ᠬᠡᠤᠬᠡᠳ ᠤᠨ ᠪᠠᠶᠠᠷ ᠢ ᠪᠡᠯᠭᠡᠯᠡᠵᠦ᠂ ᠬᠡᠤᠬᠡᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠠᠭᠠᠴᠤᠳ ᠬᠡᠤᠬᠡᠳ ᠢ ᠡᠷᠡᠭᠦᠯ ᠴᠢᠭᠢᠷᠠᠭ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠥᠭᠡ᠂ ᠱᠠᠩᠳᠤ ᠰᠢᠶᠠᠨ ᠤ ᠡᠯ᠎ᠡ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ︽6 · 1︾ ᠤ ᠳᠡᠯᠡᠬᠡᠶ ᠶᠢᠨ ᠬᠡᠤᠬᠡᠳ ᠤᠨ ᠪᠠᠶᠠᠷ ᠢ ᠪᠡᠯᠭᠡᠯᠡᠪᠡ᠃    ᠱᠠᠩᠳᠤ ᠰᠢᠶᠠᠨ ᠤ ᠴᠦᠨ ᠮᠢᠩ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠥᠷᠨᠢᠭᠦᠯᠵᠦ᠂ ᠡᠯᠪᠡᠭ ᠪᠠᠶᠠᠯᠢᠭ ᠠᠭᠤᠯᠭ᠎ᠠ ᠲᠠᠢ ᠪᠠᠶᠢᠵᠤ᠂ ᠪᠥᠵᠢᠭ᠂ ᠳᠠᠭᠤᠤ ᠶᠢᠨ ᠲᠣᠭᠯᠠᠯᠲᠠ᠂ ᠳᠠᠭᠤᠤ ᠬᠥᠭᠵᠢᠮ ᠤᠨ ᠵᠦᠴᠦᠭᠡ᠂ ᠵᠡᠭᠡᠯᠢ ᠶᠢᠨ ᠪᠥᠵᠢᠭ ᠵᠡᠷᠭᠡ ᠪᠠᠶᠢᠵᠤ᠂ ᠬᠡᠦᠬᠡᠳ ᠤᠨ ᠤᠷᠠᠯᠢᠭ ᠤᠨ ᠠᠪᠢᠶᠠᠰ ᠴᠢᠳᠠᠪᠤᠷᠢ ᠪᠣᠯᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠬᠡᠦᠬᠡᠳ ᠤᠳ ᠠᠵᠢᠯᠯᠠᠭ᠎ᠠ ᠶᠢᠨ ᠳᠤᠮᠳᠠ ᠪᠠᠶᠠᠷ ᠪᠠᠶᠠᠰᠤᠯ ᠪᠣᠯᠤᠨ ᠮᠡᠳᠡᠯᠭᠡ ᠶᠢ ᠣᠯᠤᠭᠰᠠᠨ ᠢᠶᠠᠷ ᠪᠠᠷᠠᠬᠤ ᠦᠭᠡᠢ᠂ ᠨᠡᠩ ᠴᠤ ᠦᠰᠦᠨ ᠪᠤᠶᠢᠵᠢᠵᠤ ᠨᠥᠬᠦᠷᠯᠡᠯ ᠢ ᠣᠯᠤᠭᠰᠠᠨ ᠪᠠᠶᠢᠨ᠎ᠠ᠃    ᠱᠠᠩᠳᠤ ᠰᠢᠶᠠᠨ ᠤ ᠵᠢᠷᠭᠤᠳᠤᠭᠠᠷ ᠬᠡᠦᠬᠡᠳ ᠤᠨ ᠴᠡᠴᠡᠷᠯᠢᠭ ᠨᠢ ︽ᠲᠠᠷᠪᠤᠰ ᠤᠨ ᠪᠦᠯᠦᠭᠯᠡᠯ᠂ ᠵᠢᠷᠭᠤᠭᠠᠨ ᠰᠠᠷ᠎ᠠ ᠶᠢᠨ ᠨᠢᠭᠡᠨ ᠢ ᠨᠠᠭᠠᠳᠬᠤ︾ ᠪᠠᠷ ᠭᠤᠣᠯ ᠰᠡᠳᠦᠪ ᠪᠣᠯᠭᠠᠭᠰᠠᠨ ᠵᠢᠷᠭᠤᠭᠠᠨ ᠰᠠᠷ᠎ᠠ ᠶᠢᠨ ᠨᠢᠭᠡᠨ ᠤ ᠰᠣᠨᠢᠷᠬᠠᠯᠲᠤ ᠠᠵᠢᠯᠯᠠᠭ᠎ᠠ ᠥᠷᠨᠢᠭᠦᠯᠵᠦ᠂ ᠬᠡᠦᠬᠡᠳ ᠢ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢᠨ ᠬᠠᠮᠲᠤ ᠬᠡᠦᠬᠡᠳ ᠤᠨ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠣᠯᠠᠨ ᠡᠰᠢᠵᠢᠭᠰᠡᠨ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠶᠠᠪᠤᠭᠳᠠᠵᠤ᠂ ᠬᠡᠤᠬᠡᠳ ᠤᠨ ᠴᠡᠴᠡᠷᠯᠢᠭ ᠬᠡᠤᠬᠡᠳ ᠤᠨ ᠠᠳᠠᠯᠢ ᠪᠤᠰᠤ ᠨᠠᠰᠤᠨ ᠤ ᠣᠨᠴᠠᠯᠢᠭ ᠢ ᠦᠨᠳᠦᠰᠦᠯᠡᠨ ᠲᠠᠷᠪᠤᠰ ᠵᠥᠭᠡᠭᠡᠪᠦᠷᠢᠯᠡᠬᠦ᠂ ᠲᠠᠷᠪᠤᠰ ᠳᠠᠪᠬᠤᠷᠯᠠᠬᠤ᠂ ᠲᠠᠷᠪᠤᠰ ᠢᠳᠡᠬᠦ᠂ ᠲᠠᠷᠪᠤᠰ ᠥᠩᠭᠡᠯᠡᠬᠦ ᠵᠡᠷᠭᠡ 5 ᠵᠦᠢᠯ ᠤᠨ ᠲᠣᠭᠯᠠᠭᠠᠮ ᠤᠨ ᠠᠵᠢᠯᠯᠠᠭ᠎ᠠ ᠶᠢ ᠨᠠᠷᠢᠨ ᠨᠢᠮᠪᠠᠶ ᠪᠡᠯᠡᠳᠬᠡᠵᠦ᠂ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ᠂ ᠰᠣᠨᠢᠷᠬᠠᠯ ᠢᠶᠠᠷ ᠲᠡᠭᠦᠯᠳᠡᠷ ᠪᠠᠶᠢᠵᠤ᠂ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠱᠠᠩᠳᠤ ᠰᠢᠶᠠᠨ ᠤ ᠳᠣᠯᠣᠳᠤᠭᠠᠷ ᠬᠡᠦᠬᠡᠳ ᠤᠨ ᠴᠡᠴᠡᠷᠯᠢᠭ ᠨᠢ ︽6 · 1︾ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠶᠠᠷ ᠪᠠᠶᠠᠰᠬᠤᠯᠠᠩᠲᠤ ᠬᠥᠨᠳᠡᠢ ᠪᠠᠷ ᠭᠤᠣᠯ ᠰᠡᠳᠦᠪ ᠪᠣᠯᠭᠠᠭᠰᠠᠨ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠶᠢᠨ ᠳᠤᠮᠳᠠ ᠂ ᠬᠡᠥᠬᠡᠳ ᠤᠳ᠂ ᠪᠠᠭᠰᠢ ᠪᠣᠯᠤᠨ ᠭᠡᠷ ᠤᠨ ᠠᠬᠠᠮᠠᠳ ᠨᠢᠭᠡ ᠲᠠᠩᠬᠢᠮ ᠳᠤ ᠴᠤᠭᠯᠠᠷᠠᠵᠤ᠂ ᠦᠵᠡᠭᠳᠡᠯᠲᠦ ᠳᠠᠭᠤᠤ ᠪᠥᠵᠢᠭᠲᠦ ᠵᠦᠴᠦᠭᠡ ᠵᠡᠷᠭᠡ ᠤᠯᠠᠨ ᠵᠦᠢᠯ ᠤᠨ ᠲᠣᠭᠯᠠᠯᠲᠠ ᠪᠠᠷ ᠳᠠᠮᠵᠢᠭᠤᠯᠤᠨ᠂ ᠬᠡᠦᠬᠡᠳ ᠤᠳ ᠤᠨ ᠪᠠᠶᠠᠷ ᠤᠨ ᠡᠳᠦᠷ ᠢ ᠬᠠᠮᠲᠤ ᠪᠠᠷ ᠪᠡᠯᠭᠡᠯᠡᠵᠦ᠂ ᠲᠡᠳᠡᠨ ᠤ ᠡᠬᠡ ᠤᠯᠤᠰ ᠪᠣᠯᠤᠨ ᠨᠤᠲᠤᠭ ᠤᠰᠤᠨ ᠳᠠᠭᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠨᠢ ᠢᠯᠡᠳᠬᠡᠪᠡ᠃    ᠱᠠᠩᠳᠤ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠰᠣᠩᠭᠤᠳᠠᠭ ᠵᠣᠬᠢᠶᠠᠯ ︽ᠪᠠᠷᠠᠭᠤᠨᠰᠢ ᠵᠣᠷᠴᠢᠭᠰᠠᠨ ᠲᠡᠮᠳᠡᠭᠯᠡᠯ︾ ᠢᠶᠠᠷ ᠠᠴᠢᠶᠠᠯᠠᠪᠤᠷᠢ ᠪᠣᠯᠭᠠᠵᠤ᠂ ᠱᠦᠢ ᠬᠤᠢ ᠴᠡᠴᠡᠷᠯᠢᠭ ᠲᠤ ︽ᠵᠢᠷᠤᠭ ᠠᠴᠠ ᠭᠠᠷᠴᠤ᠂ ᠵᠡᠭᠦᠳᠦ ᠠᠴᠠ ᠪᠠᠷᠠᠭᠤᠨᠰᠢ ᠵᠢᠭᠤᠯᠴᠢᠯᠠᠬᠤ︾ ᠪᠠᠷ ᠭᠤᠣᠯ ᠰᠡᠳᠦᠪ ᠪᠣᠯᠭᠠᠭᠰᠠᠨ ᠵᠢᠷᠭᠤᠭᠠᠨ ᠰᠠᠷ᠎ᠠ ᠶᠢᠨ ᠨᠢᠭᠡᠨ ᠤ ᠦᠷ᠎ᠡ ᠬᠡᠦᠬᠡᠳ ᠤᠨ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠢ ᠴᠠᠭᠠᠰᠤᠨ ᠬᠡᠪᠯᠡᠯ ᠤᠨ ᠵᠢᠷᠤᠭᠲᠤ ᠶᠢᠷᠲᠢᠨᠴᠦ ᠠᠴᠠ ᠭᠠᠷᠭᠠᠵᠤ᠂ ᠪᠣᠳᠠᠲᠤ ᠠᠮᠢᠳᠤᠷᠠᠯ ᠳᠤᠮᠳᠠ ᠰᠣᠩᠭᠤᠳᠠᠭ ᠪᠦᠲᠦᠭᠡᠯ ᠲᠠᠢ ᠳᠠᠬᠢᠨ ᠵᠣᠯᠭᠠᠭᠤᠯᠪᠠ᠃ ᠬᠡᠦᠬᠡᠳ ᠤᠳ ︽ᠪᠠᠷᠠᠭᠤᠨᠲᠠᠨ ᠤ ᠵᠢᠭᠤᠯᠴᠢᠯᠠᠯ ᠤᠨ ᠲᠡᠮᠳᠡᠭᠯᠡᠯ︾ ᠳᠠᠬᠢ ᠡᠯ᠎ᠡ ᠵᠦᠢᠯ ᠤᠨ ᠰᠣᠩᠭᠤᠳᠠᠭ ᠬᠥᠮᠦᠰ ᠤᠨ ᠳᠦᠷᠢ ᠲᠥᠷᠬᠦ ᠪᠠᠨ ᠱᠤᠭᠤᠵᠤ᠂ ᠥᠪᠡᠷ ᠤᠨ ᠤᠶᠤᠨ ᠤᠬᠠᠭᠠᠨ᠂ ᠬᠦᠴᠦᠨ ᠴᠢᠳᠠᠯ᠂ ᠡᠷᠡᠯᠬᠡᠭ ᠪᠠᠭᠠᠲᠤᠷᠯᠢᠭ ᠪᠠ ᠡᠭᠦᠷᠢᠳᠡ ᠲᠠᠶᠠᠭᠳᠠᠬᠤ ᠦᠭᠡᠢ ᠢᠲᠡᠭᠡᠯ ᠵᠣᠷᠢᠭ ᠢᠶᠠᠨ ᠪᠠᠳᠠᠷᠠᠭᠤᠯᠵᠤ᠂ ᠪᠠᠷᠠᠭᠤᠨᠰᠢ ᠪᠠᠨ ᠵᠤᠭᠠᠴᠠᠨ ᠲᠤᠭᠤᠷᠢᠬᠤ ᠭᠠᠶᠢᠬᠠᠮᠰᠢᠭᠲᠤ ᠤᠴᠠᠷᠠᠯ ᠳᠤᠮᠳᠠ᠂ ᠲᠦᠮᠡᠨ ᠠᠭᠤᠯᠠ ᠶᠢ ᠳᠠᠪᠠᠵᠤ᠂ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠰᠡᠯᠡᠩ ᠢᠶᠠᠨ ᠪᠠᠷᠢᠮᠲᠠᠯᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠪᠦᠯᠬᠦᠮᠳᠡᠨ ᠬᠠᠮᠲᠤᠷᠠᠯᠴᠠᠭᠰᠠᠨ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠵᠤ᠂ ᠲᠡᠳᠡᠨ ᠤ ᠲᠡᠭᠷᠢ ᠶᠢᠨ ᠣᠷᠳᠣᠨ ᠢ ᠶᠡᠭᠡ ᠪᠠᠷ ᠳᠣᠩᠰᠣᠯᠭᠠᠬᠤ ᠬᠡᠷᠡᠭᠲᠡᠢ ᠭᠡᠵᠦ ᠵᠢᠭᠠᠨ ᠭᠠᠷᠭᠠᠵᠠᠢ᠃    ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠪᠣᠯ ᠬᠡᠦᠬᠡᠳ ᠤᠨ ᠪᠠᠶᠠᠷ ᠤᠨ ᠡᠳᠦᠷ ᠪᠣᠯᠤᠨ᠎ᠠ᠂ ᠬᠡᠦᠬᠡᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠵᠤ᠂ ᠳᠠᠭᠤᠯᠠᠨ ᠪᠥᠵᠢᠭᠯᠡᠵᠦ᠂ ᠠᠪᠢᠶᠠᠰ ᠴᠢᠳᠠᠪᠤᠷᠢ ᠪᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠳᠡᠯᠭᠡᠨ ᠦᠵᠡᠭᠦᠯᠵᠦ᠂ ᠪᠠᠭ᠎ᠠ ᠨᠠᠰᠤ ᠪᠣᠯᠤᠨ ᠬᠦᠰᠡᠯ ᠵᠡᠭᠦᠳᠦ ᠪᠠᠨ ᠳᠡᠯᠭᠡᠵᠦ᠂ ᠠᠮᠢᠳᠤᠯᠢᠭ ᠰᠠᠶᠢᠬᠠᠨ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠥᠩᠭᠡᠷᠡᠭᠦᠯᠦᠭᠰᠡᠨ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2