ᠤᠯᠠᠭᠠᠨᠴᠠᠪ ᠬᠤᠲᠠ ᠶᠢᠨ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠰᠢᠯᠭᠠᠯᠲᠠ ᠠᠴᠠ ᠡᠮᠦᠨᠡᠬᠢ ᠣᠨᠴᠠ ᠲᠣᠭᠤᠷᠢᠨ ᠪᠠᠶᠢᠴᠠᠭᠠᠵᠤ ᠣᠨᠴᠠ ᠬᠠᠮᠠᠭᠠᠯᠠᠨ ᠴᠠᠬᠢᠯᠭᠠᠨ ᠬᠠᠮᠠᠭᠠᠯᠠᠵᠤ ᠠᠶᠠᠯᠠᠯ ᠬᠠᠮᠠᠭᠠᠯᠠᠪᠠ
ᠨᠡᠶᠢᠲᠡᠯᠡᠭᠰᠡᠨ ᠴᠠᠭ᠄
2024/6/3
   ᠱᠠᠩᠳᠤ ᠰᠢᠶᠠᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠴᠠᠬᠢᠯᠭᠠᠨ ᠲᠣᠤᠷ ᠤᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠵᠢᠴᠢ ᠨᠡᠷ᠎ᠡ ᠮᠡᠳᠡᠭᠦᠯᠵᠦ ᠰᠣᠷᠣᠭᠴᠢ ᠡᠯᠰᠡᠬᠦ ᠠᠵᠢᠯ ᠤᠨ ᠬᠡᠪ ᠤᠨ ᠴᠠᠬᠢᠯᠭᠠᠨ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠤᠯᠠᠭᠠᠨᠴᠠᠪ ᠬᠤᠲᠠ ᠶᠢᠨ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠡᠯ᠎ᠡ ᠵᠦᠶ᠋ᠯ ᠤᠨ ᠴᠠᠬᠢᠯᠭᠠᠨ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠰᠬᠠᠶ ᠵᠦᠶ᠋ᠯ ᠤᠨ ᠴᠠᠬᠢᠯᠭᠠᠨ ᠬᠡᠷᠡᠭᠯᠡᠬᠦ ᠣᠨᠴᠠ ᠲᠣᠭᠤᠷᠢᠨ ᠪᠠᠶᠢᠴᠠᠭᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ ᠤᠨ ᠴᠠᠬᠢᠯᠭᠠᠨ ᠬᠠᠩᠭᠠᠬᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃    ᠲᠤᠰ ᠤᠳᠠᠭᠠᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠴᠠᠬᠢᠯᠭᠠᠨ ᠢ ᠪᠠᠲᠤᠯᠠᠬᠤ ᠶᠠᠪᠤᠳᠠᠯ ᠢ ᠱᠠᠩᠳᠤ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠤᠷᠢᠳᠴᠢᠯᠠᠨ ᠭᠦᠢᠴᠡᠳ ᠬᠢᠵᠦ᠂ ᠰᠢᠯᠭᠠᠯᠲᠠ ᠶᠢᠨ ᠴᠡᠭ ᠲᠤ ᠴᠠᠬᠢᠯᠭᠠᠨ ᠬᠠᠩᠭᠠᠬᠤ ᠱᠤᠭᠤᠮ ᠳᠤ ᠴᠢᠭᠯᠡᠭᠦᠯᠦᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠠᠬᠢᠯᠭᠠᠨ ᠬᠦᠴᠦᠨ ᠤ ᠪᠠᠲᠤᠯᠠᠭ᠎ᠠ ᠶᠢᠨ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠬᠥᠮᠦᠰ ᠢ ᠲᠣᠮᠢᠯᠠᠨ ᠱᠠᠩᠳᠤ ᠰᠢᠶᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠣᠴᠢᠭᠤᠯᠵᠤ᠂ ᠰᠢᠯᠭᠠᠯᠲᠠ ᠶᠢᠨ ᠲᠠᠯᠠᠪᠤᠷ ᠲᠠᠬᠢ ᠴᠠᠬᠢᠯᠭᠠᠨ ᠬᠠᠩᠭᠠᠬᠤ ᠱᠤᠭᠤᠮ᠂ ᠲᠥᠬᠦᠭᠡᠷᠦᠮᠵᠢ ᠶᠢ ᠪᠦᠬᠦ ᠲᠠᠯ᠎ᠠ ᠪᠠᠷ ︽ᠪᠡᠶ᠎ᠡ ᠶᠢᠨ ᠪᠠᠶᠢᠴᠠᠭᠠᠯᠲᠠ︾ ᠬᠢᠯᠭᠡᠵᠦ᠂ ᠰᠤᠷᠭᠠᠭᠤᠯᠢ ᠶᠢᠨ ᠳᠣᠲᠣᠭᠠᠳᠤ ᠶᠢᠨ ᠴᠠᠬᠢᠯᠭᠠᠨ ᠲᠦᠭᠡᠭᠡᠬᠦ ᠲᠥᠬᠦᠭᠡᠷᠦᠮᠵᠢ᠂ ᠠᠩᠭ᠍ᠯᠢ ᠬᠡᠯᠡᠨ ᠤ ᠰᠣᠨᠣᠰᠬᠤ ᠴᠢᠳᠠᠪᠤᠷᠢ᠂ ᠬᠤᠩᠬᠤ ᠳᠣᠬᠢᠶ᠎ᠠ᠂ ᠰᠢᠯᠭᠠᠯᠲᠠ ᠶᠢ ᠬᠢᠨᠠᠨ ᠡᠵᠡᠮᠳᠡᠬᠦ ᠵᠡᠷᠭᠡ ᠴᠢᠬᠤᠯᠠ ᠵᠠᠩᠭᠢᠯᠠᠭ᠎ᠠ ᠶᠢᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠬᠠᠮᠠᠭᠠᠯᠠᠵᠤ᠂ ᠲᠥᠬᠦᠭᠡᠷᠦᠮᠵᠢ ᠵᠢᠴᠢ ᠵᠠᠮ ᠱᠤᠭᠤᠮ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠪᠡ᠃    ᠣᠶᠢᠯᠠᠭᠠᠭᠰᠠᠨ ᠢᠶᠠᠷ᠂ ᠲᠣᠰ ᠺᠣᠮᠫᠠᠨᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠬᠢᠯᠭᠠᠨ ᠬᠠᠩᠭᠠᠬᠤ ᠶᠢ ᠪᠠᠲᠤᠯᠠᠬᠤ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠴᠠᠬᠢᠯᠭᠠᠨ ᠬᠠᠩᠭᠠᠬᠤ ᠶᠢ ᠪᠠᠲᠤᠯᠠᠬᠤ ᠬᠥᠮᠦᠰ᠂ ᠵᠠᠪᠳᠤᠨ ᠵᠠᠰᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ ᠪᠠ ᠡᠳ᠋ ᠪᠣᠳᠠᠰ ᠨᠥᠭᠡᠴᠡᠯᠡᠬᠦ ᠵᠡᠷᠭᠡ ᠪᠡᠯᠡᠳᠬᠡᠯ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠴᠠᠬᠢᠯᠭᠠᠨ ᠲᠣᠤᠷ ᠤᠨ ᠠᠮᠤᠷ ᠲᠦᠪᠰᠢᠨ ᠢᠶᠠᠷ ᠠᠵᠢᠯᠯᠠᠬᠤ᠂ ᠨᠠᠶᠢᠳᠠᠪᠤᠷᠢᠲᠠᠶ ᠴᠠᠬᠢᠯᠭᠠᠨ ᠬᠠᠩᠭᠠᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠤᠷᠤᠭᠴᠢᠳ ᠲᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠨᠥᠬᠦᠴᠡᠯ ᠬᠠᠩᠭᠠᠬᠤ ᠪᠣᠯᠤᠨ᠎ᠠ᠃    ᠱᠠᠩᠳᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ ᠳᠠᠭᠠᠭᠠᠮᠠᠯ ᠵᠠᠩ ᠭᠦᠸᠧ ᠹᠸᠢ ᠬᠡᠯᠡᠭᠰᠡᠨ ᠨᠢ᠄ ︽ᠰᠢᠯᠭᠠᠯᠲᠠ ᠶᠢᠨ ᠬᠤᠭᠤᠴᠠᠭᠠᠨ ᠳᠤ᠂ ᠴᠠᠬᠢᠯᠭᠠᠨ ᠲᠦᠭᠡᠭᠡᠬᠦ ᠲᠡᠭᠡᠭᠡᠪᠦᠷᠢ ᠶᠢᠨ ᠪᠠᠶᠢᠴᠠᠭᠠᠬᠤ ᠠᠩᠭᠢ᠂ ᠬᠠᠮᠢᠶ᠎ᠠ ᠪᠥᠬᠦᠶ ᠴᠠᠬᠢᠯᠭᠠᠨ ᠬᠠᠩᠭᠠᠬᠤ ᠭᠠᠵᠠᠷ ᠲᠤ ᠪᠠᠴᠢᠮ ᠪᠠᠶᠢᠳᠠᠯ ᠢ ᠠᠷᠭᠠᠴᠠᠨ ᠱᠠᠯᠠᠪᠳᠠᠨ ᠵᠠᠰᠠᠬᠤ ᠳᠤᠭᠤᠶᠢᠯᠠᠩ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠱᠠᠯᠠᠪᠳᠠᠨ ᠵᠠᠰᠠᠬᠤ ᠠᠵᠢᠯᠲᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ 24 ᠴᠠᠭ ᠤᠨ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠡᠭᠦᠨ ᠤ ᠬᠠᠮᠲᠤ ᠰᠢᠯᠭᠠᠯᠲᠠ ᠶᠢᠨ ᠴᠡᠭ ᠲᠤ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠭᠠᠷᠭᠠᠬᠤ ᠨᠢᠭᠡ ᠲᠡᠷᠭᠡ ᠲᠣᠬᠢᠷᠠᠭᠤᠯᠵᠤ᠂ ᠰᠣᠷᠣᠭᠴᠢ ᠡᠯᠰᠡᠬᠦ ᠰᠢᠯᠭᠠᠯᠲᠠ ᠶᠢᠨ ᠲᠠᠯᠠᠪᠠᠶ ᠶᠢᠨ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠴᠠᠬᠢᠯᠭᠠᠨ ᠬᠡᠷᠡᠭᠯᠡᠬᠦ ᠶᠢ ᠦᠨᠡᠨ ᠬᠦ ᠪᠠᠲᠤᠯᠠᠨ᠎ᠠ︾ ᠭᠡᠵᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2