ᠱᠠᠩᠳᠤ ᠰᠢᠶᠠᠨ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠡᠮᠦᠨᠡᠬᠢ ᠪᠠᠶᠢᠷᠢᠯᠠᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2024/6/5
   ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠰᠦᠩ ᠴᠢᠶᠠᠩ
   ᠮᠠᠨ ᠤ ᠰᠢᠶᠠᠨ ᠢᠮᠠᠭᠲᠠ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠤᠭᠴᠢ ᠡᠯᠰᠡᠬᠦ ᠰᠢᠯᠭᠠᠯᠲᠠ ᠶᠢ ᠡᠷᠬᠢᠯᠡᠬᠦ ᠪᠠᠷ ᠵᠣᠷᠢᠯᠲᠠ ᠪᠣᠯᠭᠠᠵᠤ᠂ ᠠᠮᠤᠷ ᠲᠦᠪᠰᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠠ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠬᠤ ᠪᠠᠷ ᠭᠤᠤᠯᠳᠠᠯᠭ᠎ᠠ ᠪᠣᠯᠭᠠᠵᠤ᠂ ᠴᠢᠩᠭ᠎ᠠ ᠬᠠᠮᠢᠶᠠᠷᠴᠤ᠂ ᠦᠶ᠋ᠯᠡᠴᠢᠯᠡᠭᠡ ᠪᠠᠨ ᠰᠢᠯᠢᠳᠡᠭᠵᠢᠭᠦᠯᠵᠦ᠂ ᠡᠨᠡ ᠵᠢᠯ ᠤᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ᠂ ᠲᠡᠭᠦᠰ ᠠᠮᠵᠢᠯᠲᠠ ᠲᠠᠢ᠂ ᠤᠷᠤᠭᠰᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠭᠤᠯᠤᠭᠴᠢ᠂ ᠬᠡᠷ ᠤᠨ ᠠᠬᠠᠮᠠᠳ ᠢ ᠰᠡᠳᠬᠢᠯ ᠬᠠᠨᠤᠮᠵᠢᠲᠠᠶ ᠪᠣᠯᠭᠠᠨ᠎ᠠ᠃    【 ᠰᠤᠷᠪᠤᠯᠵᠢᠯᠠᠭᠴᠢ 】 ᠰᠦᠡᠭ ᠲᠤᠪᠴᠢᠶᠠᠨ ᠲᠠᠷᠤᠭ᠎ᠠ ᠡ᠂ ᠰᠠᠶᠢᠨ ᠤᠤ︖ ᠲᠠ ᠮᠠᠨ ᠤ ᠰᠢᠶᠠᠨ ᠤ 2024 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖    【 ᠬᠦᠨᠳᠦᠲᠦ ᠵᠣᠴᠢᠨ 】 ᠰᠥᠩ ᠴᠢᠶᠠᠩ᠄ ᠮᠠᠨ ᠤ ᠰᠢᠶᠠᠨ ᠤ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠣᠷᠣᠭᠴᠢ 1720 ᠬᠥᠮᠦᠨ᠂ ᠡᠭᠦᠨ ᠳᠤ 613 ᠰᠣᠷᠣᠭᠴᠢ ᠡᠯᠰᠡᠵᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ 727 ᠬᠥᠮᠦᠨ ᠨᠡᠷ᠎ᠡ ᠮᠡᠳᠡᠭᠦᠯᠵᠦ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ 380 ᠬᠥᠮᠦᠨ ᠨᠡᠷ᠎ᠡ ᠮᠡᠳᠡᠭᠦᠯᠪᠡ᠃ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠢᠯᠭᠠᠭᠤᠯᠤᠭᠴᠢ 530 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠰᠢᠯᠭᠠᠭᠤᠯᠤᠭᠴᠢ 741 ᠬᠥᠮᠦᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠥᠷᠥᠯ ᠤᠨ ᠰᠢᠯᠭᠠᠭᠤᠯᠤᠭᠴᠢ 448 ᠬᠥᠮᠦᠨ᠂ ᠲᠠᠮᠢᠷ ᠤᠨ ᠪᠣᠯᠪᠠᠰᠤᠷᠠᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠭᠠᠭᠤᠯᠤᠭᠴᠢ 1 ᠬᠥᠮᠦᠨ ᠪᠣᠶ᠃ 1117 ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠵᠤ᠂ ᠡᠭᠦᠨ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ 365 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ 566 ᠬᠥᠮᠦᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ 186 ᠬᠥᠮᠦᠨ ᠡᠯᠰᠡᠵᠦ᠂ ᠲᠤᠰᠠᠭᠠᠷ ᠰᠣᠷᠣᠭᠴᠢ ᠡᠯᠰᠡᠭᠰᠡᠨ ᠬᠥᠮᠦᠨ ᠤ ᠲᠤᠭ᠎ᠠ 603 ᠬᠥᠮᠦᠨ ᠪᠠᠶᠢᠨ᠎ᠠ᠃ ᠡᠭᠦᠨ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠭᠤᠯᠤᠭᠴᠢ 553 ᠬᠥᠮᠦᠨ ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠭᠠᠭᠤᠯᠤᠭᠴᠢ 122 ᠬᠥᠮᠦᠨ᠂ ᠡᠯᠰᠡᠬᠦ ᠠᠯᠪᠠᠨ ᠬᠡᠷ ᠤᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ 442 ᠬᠥᠮᠦᠨ ᠪᠣᠶ᠃    【 ᠰᠤᠷᠪᠤᠯᠵᠢᠯᠠᠭᠴᠢ 】 ᠰᠤᠷᠪᠤᠯᠵᠢᠯᠠᠭᠴᠢ᠄ ᠲᠠ ᠮᠠᠨ ᠤ ᠰᠢᠶᠠᠨ ᠤ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ ᠤᠨ ᠪᠠᠶᠢᠳᠠᠯ ᠢ ᠨᠠᠷᠢᠨ ᠲᠠᠨᠢᠯᠴᠠᠭᠤᠯᠤᠭᠠᠳ ᠥᠭᠭᠦᠨ᠎ᠡ ᠦᠦ︖    【 ᠬᠦᠨᠳᠦᠲᠦ ᠵᠣᠴᠢᠳ᠄ ᠰᠦᠩ ᠴᠢᠶᠠᠩ᠄ 2024 ᠣᠨ ᠳᠤ ᠮᠠᠨ ᠤ ᠰᠢᠶᠠᠨ ᠳᠤ ᠵᠢᠩᠬᠢᠨᠢ ᠰᠢᠯᠭᠠᠯᠲᠠ ᠶᠢᠨ ᠴᠡᠭ ᠭᠠᠷᠭᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠭᠠᠷᠭᠠᠪᠠ᠃ ᠪᠡᠯᠡᠳᠬᠡᠯ ᠰᠢᠯᠭᠠᠯᠲᠠ ᠶᠢᠨ ᠴᠡᠭ ᠨᠢ ᠱᠠᠩᠳᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠶᠢᠷᠢᠯᠠᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠵᠢᠩᠬᠢᠨᠢ ᠰᠢᠯᠭᠠᠯᠲᠠ ᠶᠢᠨ ᠲᠠᠯᠠᠪᠤᠷ 40 ᠲᠣᠬᠢᠷᠠᠭᠤᠯᠵᠤ᠂ ᠪᠡᠯᠡᠳᠬᠡᠯ ᠰᠢᠯᠭᠠᠯᠲᠠ ᠶᠢᠨ ᠲᠠᠯᠠᠪᠠᠢ 2᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠯᠲᠠ ᠶᠢᠨ ᠲᠠᠯᠠᠪᠠᠢ 19 ᠪᠠᠶᠢᠵᠤ᠂ ᠡᠭᠦᠨ ᠳᠤ ︵ᠶᠠᠫᠣᠨ ᠬᠡᠯᠡᠨ ᠤ ᠰᠢᠯᠭᠠᠯᠲᠠ ᠶᠢᠨ ᠲᠠᠯᠠᠪᠠᠢ 1︶᠂ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠯᠲᠠ ᠶᠢᠨ ᠲᠠᠯᠠᠪᠠᠢ 13 ᠪᠠᠶᠢᠵᠤ᠂ ᠡᠭᠦᠨ ᠳᠤ ︵ᠶᠠᠫᠣᠨ ᠬᠡᠯᠡᠨ ᠤ ᠰᠢᠯᠭᠠᠯᠲᠠ ᠶᠢᠨ ᠲᠠᠯᠠᠪᠠᠢ 1᠂ ᠣᠷᠣᠰ ᠬᠡᠯᠡᠨ ᠤ ᠰᠢᠯᠭᠠᠯᠲᠠ ᠶᠢᠨ ᠲᠠᠯᠠᠪᠠᠢ 1 ᠪᠣᠶ᠃︶ ᠸᠧᠨ ᠯᠢ ᠬᠤᠯᠢᠮᠠᠭ ᠰᠢᠯᠭᠠᠯᠲᠠ ᠶᠢᠨ ᠲᠠᠯᠠᠪᠠᠶ 1᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ ᠰᠢᠯᠭᠠᠬᠤ ᠰᠢᠯᠭᠠᠯᠲᠠ ᠶᠢᠨ ᠲᠠᠯᠠᠪᠠᠶ 7 ᠪᠣᠶ᠃ ᠰᠢᠯᠭᠠᠯᠲᠠ ᠶᠢᠨ ᠴᠡᠭ ᠤᠨ ᠣᠷᠣᠬᠤ ᠡᠭᠦᠳᠡᠨ ᠳᠤ 3 ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ ᠲᠣᠬᠢᠷᠠᠭᠤᠯᠵᠤ᠂ 6 ᠭᠠᠷ ᠤᠲᠠᠰᠤ ᠬᠠᠳᠠᠭᠠᠯᠠᠬᠤ ᠠᠪᠳᠠᠷ᠎ᠠ ᠲᠣᠬᠢᠷᠠᠭᠤᠯᠵᠤ᠂ ᠰᠢᠯᠭᠠᠯᠲᠠ ᠶᠢᠨ ᠲᠠᠯᠠᠪᠤᠷ ᠪᠦᠷᠢ ᠳᠤ ᠨᠢᠭᠡ ᠲᠡᠮᠦᠷᠯᠢᠭ ᠬᠠᠶᠢᠨ ᠬᠡᠮᠵᠢᠬᠦ ᠬᠡᠮᠵᠢᠭᠦᠷᠯᠢᠭ᠂ ᠨᠢᠭᠡ ᠭᠠᠷ ᠤᠲᠠᠰᠤᠨ ᠤ ᠬᠠᠯᠬᠠᠪᠴᠢ ᠬᠡᠮᠵᠢᠭᠦᠷᠯᠢᠭ᠂ ᠨᠢᠭᠡ ᠬᠠᠲᠠᠭᠤ ᠴᠠᠭ ᠳᠣᠭᠢᠷᠠᠭᠤᠯᠵᠤ᠂ ᠠᠰᠠᠷ ᠤᠨ ᠳᠠᠪᠬᠤᠷᠭ᠎ᠠ ᠨᠢᠭᠡᠪᠦᠷᠢ ᠳᠤ ᠨᠢᠭᠡ ᠬᠡᠮ ᠬᠢᠬᠦ ᠭᠷᠠᠮ ᠳᠣᠭᠢᠷᠠᠭᠤᠯᠪᠠ᠃ ᠪᠦᠬᠦ ᠰᠢᠶᠠᠨ ᠢᠶᠠᠷ ᠢᠶᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯᠲᠠᠨ᠂ ᠬᠢᠨᠠᠨ ᠰᠢᠯᠭᠠᠭᠴᠢ ᠶᠢ ᠨᠡᠶᠢᠲᠡ 200 ᠭᠠᠷᠤᠶ ᠬᠥᠮᠦᠨ ᠰᠣᠩᠭᠤᠨ ᠭᠠᠷᠭᠠᠵᠠᠶ᠃    【 ᠰᠤᠷᠪᠤᠯᠵᠢᠯᠠᠭᠴᠢ 】 ᠰᠤᠷᠪᠤᠯᠵᠢᠯᠠᠭᠴᠢ᠄ ᠰᠦᠩ ᠲᠣᠪᠴᠢᠶᠠᠨ ᠳᠠᠷᠤᠭ᠎ᠠ 2024 ᠣᠨ ᠠᠴᠠ ᠡᠮᠦᠨ᠎ᠡ ᠮᠠᠨ ᠤ ᠰᠢᠶᠠᠨ ᠶᠠᠮᠠᠷ ᠪᠠᠶᠢᠷᠢᠯᠠᠭᠤᠯᠤᠯᠲᠠ ᠬᠢᠭᠰᠡᠨ ᠪᠣᠶ︖    【 ᠬᠦᠨᠳᠦᠲᠦ ᠵᠣᠴᠢᠨ 】 ᠰᠥᠩ ᠴᠢᠶᠠᠩ ᠨᠢᠭᠡ ᠳᠤ᠂ ᠬᠥᠮᠦᠨ ᠤ ᠬᠦᠴᠦᠨ ᠪᠣᠳᠠᠰ ᠤᠨ ᠬᠦᠴᠦᠨ ᠢ ᠲᠥᠪᠯᠡᠷᠡᠭᠦᠯᠦᠨ᠂ ᠰᠢᠯᠭᠠᠯᠲᠠ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠨ᠎ᠠ᠃ ᠪᠥᠬᠦ ᠬᠤᠲᠠ ᠶᠢᠨ ᠰᠢᠯᠭᠠᠯᠲᠠ ᠶᠢᠨ ᠶᠠᠪᠤᠳᠠᠯ ᠤᠨ ᠠᠵᠢᠯ ᠤᠨ ᠬᠤᠷᠠᠯ ᠤᠨ ᠳᠠᠷᠠᠭ᠎ᠠ᠂ ᠮᠠᠨ ᠤ ᠰᠢᠶᠠᠨ ᠲᠡᠷᠡ ᠳᠠᠷᠤᠶ ᠳᠤᠨᠢ ᠪᠥᠬᠦ ᠰᠢᠶᠠᠨ ᠤ ᠰᠣᠷᠣᠭᠴᠢ ᠡᠯᠰᠡᠬᠦ ᠵᠥᠪᠯᠡᠯ ᠤᠨ ᠬᠤᠷᠠᠯ ᠢ ᠬᠤᠷᠠᠯᠳᠤᠭᠤᠯᠵᠤ᠂ ᠨᠠᠷᠢᠨ ᠲᠣᠳᠣᠷᠬᠠᠶ ᠲᠣᠬᠢᠷᠠᠭᠤᠯᠤᠯᠲᠠ ᠬᠢᠪᠠ᠃ ᠰᠢᠶᠠᠨ ᠤ ᠳᠡᠳ᠋ ᠳᠠᠷᠤᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠰᠤᠷᠤᠭᠴᠢ ᠡᠯᠰᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠠᠴᠠ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠯᠭᠠᠯᠲᠠ ᠶᠢᠨ ᠲᠣᠭᠤᠷᠢᠭ᠂ ᠰᠢᠯᠭᠠᠯᠲᠠ ᠶᠢᠨ ᠴᠡᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠢ ᠨᠠᠩ ᠥᠨᠳᠥᠷ ᠪᠦᠲᠦᠮᠵᠢᠲᠡᠶ ᠪᠠᠷ ᠤᠯᠤᠰ ᠤᠨ ᠰᠢᠯᠭᠠᠯᠲᠠ ᠶᠢᠨ ᠠᠵᠢᠯ ᠤᠨ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠣᠨᠴᠠᠭᠠᠶᠢᠯᠠᠨ ᠰᠢᠯᠭᠠᠭᠤᠯᠤᠭᠴᠢ᠂ ᠰᠢᠯᠭᠠᠯᠲᠠ ᠳᠤ ᠣᠷᠣᠯᠴᠠᠭᠰᠠᠳ ᠲᠤ ᠭᠠᠷ ᠤᠲᠠᠰᠤ ᠬᠠᠳᠠᠭᠠᠯᠠᠬᠤ ᠬᠤᠷᠭᠤ ᠵᠢᠷᠭᠤᠭᠠᠨ ᠢᠵᠢ ᠳᠣᠭᠢᠷᠠᠭᠤᠯᠵᠤ᠂ 2024 ᠣᠨ ᠤ ᠱᠠᠩᠳᠤ ᠰᠢᠶᠠᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢ ᠦᠵᠡᠯ ᠰᠠᠨᠠᠭ᠎ᠠ ᠪᠠᠨ ᠨᠢᠭᠡᠳᠬᠡᠨ᠂ ᠨᠢᠭᠲᠠ ᠬᠠᠮᠲᠤᠷᠠᠯᠴᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠭᠦᠷᠭᠡ ᠶᠢ ᠠᠮᠤᠷ ᠲᠦᠪᠰᠢᠨ ᠢᠶᠠᠷ ᠤᠷᠤᠭᠰᠢᠲᠠᠶ ᠪᠡᠶᠡᠯᠡᠭᠦᠯᠬᠦ ᠶᠢ ᠱᠠᠭᠠᠷᠳᠠᠪᠠ᠃ ᠬᠤᠶᠠᠷ ᠲᠤ᠂ ᠪᠣᠯᠪᠠᠰᠤᠷᠠᠯ ᠬᠢᠨᠠᠨ ᠰᠢᠯᠭᠠᠯᠲᠠ ᠶᠢ ᠴᠢᠩᠭᠠᠳᠬᠠᠵᠤ᠂ ᠬᠢᠨᠠᠨ ᠰᠢᠯᠭᠠᠭᠴᠢ ᠶᠢᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠰᠢᠶᠠᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠣᠪᠣᠷ ᠰᠤᠷᠲᠠᠯ ᠲᠥᠪ ᠴᠢᠩᠭ᠎ᠠ᠂ ᠠᠵᠢᠯ ᠨᠢ ᠨᠠᠷᠢᠨ ᠬᠢᠨᠠᠮᠠᠭᠠᠶ᠂ ᠲᠤᠷᠰᠢᠯᠭ᠎ᠠ ᠪᠠᠷ ᠪᠠᠶᠠᠯᠢᠭ᠂ ᠠᠵᠢᠯ ᠤᠨ ᠪᠠᠶᠢᠷᠢ ᠳᠤ ᠪᠠᠶᠢᠭ᠎ᠠ ᠣᠷᠣᠨ ᠲᠤᠭ᠎ᠠ ᠲᠠᠢ᠂ ᠨᠢᠭᠡᠳᠦᠭᠡᠷ ᠹᠷᠣᠨᠲ ᠤᠨ ᠵᠢᠭᠠᠨ ᠰᠤᠷᠭᠠᠯᠲᠠ ᠶᠢᠨ ᠠᠵᠢᠯ ᠢ ᠬᠢᠵᠦ᠂ ᠲᠥᠷᠥᠯ ᠰᠠᠳᠤᠨ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠰᠢᠯᠭᠠᠯᠲᠠ ᠳᠤ ᠣᠷᠣᠯᠴᠠᠭᠰᠠᠨ ᠦᠭᠡᠢ ᠬᠢᠨᠠᠨ ᠰᠢᠯᠭᠠᠭᠴᠢ ᠪᠠ ᠠᠵᠢᠯᠲᠠᠨ ᠢ ᠨᠠᠷᠢᠨ ᠨᠢᠮᠪᠠᠶ ᠰᠣᠩᠭᠤᠨ ᠤᠷᠢᠬᠤ ᠶᠢᠨ ᠬᠠᠮᠲᠤ ᠵᠠᠶᠢᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠤᠷᠤᠭᠴᠢ ᠡᠯᠰᠡᠬᠦ ᠲᠥᠪ ᠪᠣᠯᠤᠨ ᠰᠤᠷᠭᠠᠭᠤᠯᠢ ᠨᠤᠭᠤᠳ ᠤᠷᠢᠵᠤ ᠬᠡᠷᠡᠭᠯᠡᠭᠰᠡᠨ ᠬᠢᠨᠠᠨ ᠰᠢᠯᠭᠠᠭᠴᠢ ᠪᠣᠯᠤᠨ ᠠᠵᠢᠯᠲᠠᠨ ᠳᠤ ᠣᠯᠠᠨ ᠤᠳᠠᠭ᠎ᠠ ᠪᠣᠯᠪᠠᠰᠤᠷᠠᠭᠤᠯᠤᠯ ᠬᠢᠵᠦ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠂ ᠪᠣᠯᠪᠠᠰᠤᠷᠠᠭᠤᠯᠤᠯ ᠤᠨ ᠦᠭᠡᠶ ᠪᠣᠯ ᠠᠵᠢᠯ ᠤᠨ ᠪᠠᠶᠢᠷᠢ ᠳᠤ ᠭᠠᠷᠬᠤ ᠦᠭᠡᠶ᠂ ᠪᠣᠯᠪᠠᠰᠤᠷᠠᠭᠤᠯᠤᠯ ᠳᠤ ᠬᠢᠷᠢ ᠲᠡᠩᠴᠡᠬᠦ ᠦᠭᠡᠶ ᠪᠠᠷ ᠠᠵᠢᠯ ᠤᠨ ᠪᠠᠶᠢᠷᠢ ᠳᠤ ᠭᠠᠷᠬᠤ ᠦᠭᠡᠶ ᠪᠠᠶᠢᠬᠤ ᠶᠢ ᠡᠷᠡᠰ ᠬᠡᠷᠡᠭᠵᠢᠭᠦᠯᠬᠦ ᠬᠡᠷᠡᠭᠲᠡᠶ᠃ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠲᠠᠯᠠᠪᠠᠶ ᠶᠢᠨ ᠪᠠᠶᠢᠷᠢᠯᠠᠭᠤᠯᠤᠯᠲᠠ᠂ ᠰᠡᠳᠦᠪ ᠬᠠᠷᠢᠭᠤᠯᠬᠤ ᠺᠠᠷᠲ ᠵᠢᠴᠢ ᠰᠢᠯᠭᠠᠯᠲᠠ ᠶᠢᠨ ᠬᠠᠭᠤᠳᠠᠰᠤ ᠶᠢ ᠨᠢᠭᠲᠠ ᠪᠢᠲᠡᠭᠦᠮᠵᠢᠯᠡᠬᠦ ᠠᠷᠭ᠎ᠠ᠂ ᠰᠢᠯᠭᠠᠯᠲᠠ ᠶᠢ ᠬᠡᠷᠡᠭᠵᠢᠭᠦᠯᠬᠦ ᠲᠠᠰ ᠳᠠᠷᠠᠭᠠᠯᠠᠯ ᠠᠴᠠ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ᠂ ᠬᠢᠨᠠᠨ ᠰᠢᠯᠭᠠᠭᠴᠢ ᠶᠢ ᠱᠠᠩᠨᠠᠵᠤ ᠲᠣᠷᠭᠠᠬᠤ ᠲᠦᠷ ᠬᠡᠷᠡᠭᠵᠢᠭᠦᠯᠬᠦ ᠠᠷᠭ᠎ᠠ ᠪᠠ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠲᠦᠷᠢᠮ ᠲᠣᠭᠲᠠᠭᠠᠯ ᠢ ᠴᠥᠮ ᠨᠠᠷᠢᠨ ᠬᠢᠨᠠᠮᠠᠭᠠᠶ ᠰᠤᠷᠤᠯᠴᠠᠪᠠ᠃ ᠡᠭᠦᠨ ᠤ ᠬᠠᠮᠲᠤ ᠰᠢᠯᠭᠠᠯᠲᠠ ᠬᠢᠨᠠᠭᠴᠢ ᠶᠢᠨ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ᠂ ᠰᠢᠯᠭᠠᠯᠲᠠ ᠶᠢᠨ ᠴᠡᠭ ᠤᠨ ᠠᠵᠢᠯᠲᠠᠨ ᠤ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ᠂ ᠣᠳᠣᠬᠢᠴᠢᠯᠠᠭᠰᠠᠨ ᠴᠢᠮᠡᠭᠡ ᠬᠤᠯᠪᠣᠭᠠᠨ ᠤ ᠪᠠᠭᠠᠵᠢ ᠶᠢᠨ ᠰᠢᠯᠭᠠᠯᠲᠠ ᠶᠢ ᠰᠡᠷᠭᠡᠶᠢᠯᠡᠬᠦ ᠪᠣᠯᠪᠠᠰᠤᠷᠠᠭᠤᠯᠤᠯ ᠤᠨ ᠬᠠᠷᠠᠭᠠᠨ ᠳᠠᠪᠲᠠᠮᠵᠢ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠡᠪ ᠪᠣᠯᠪᠠᠰᠤᠷᠠᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠪᠣᠯᠪᠠᠰᠤᠷᠠᠭᠤᠯᠤᠯ ᠤᠨ ᠠᠭᠤᠯᠭ᠎ᠠ ᠶᠢ ᠵᠣᠬᠢᠶᠠᠨ ᠪᠠᠶᠢᠭᠤᠯᠵᠤ᠂ ᠰᠢᠯᠭᠠᠯᠲᠠ ᠬᠢᠨᠠᠭᠴᠢ᠂ ᠠᠵᠢᠯᠲᠠᠳ ᠢ ᠵᠣᠬᠢᠶᠠᠨ ᠪᠠᠶᠢᠭᠤᠯᠤᠨ ᠪᠠᠷᠢᠮᠵᠢᠶᠠᠵᠢᠭᠤᠯᠤᠨ ᠬᠢᠨᠠᠨ ᠡᠵᠡᠮᠳᠡᠬᠦ ᠰᠢᠯᠭᠠᠯᠲᠠ ᠶᠢᠨ ᠲᠠᠯᠠᠪᠤᠷ ᠤᠨ ᠬᠡᠷᠡᠭᠯᠡᠯᠲᠡ ᠶᠢ ᠲᠣᠭᠤᠷᠢᠨ ᠦᠵᠡᠵᠦ ᠰᠣᠷᠢᠯᠲᠠ ᠬᠢᠪᠠ᠃ 6 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ ᠰᠢᠯᠭᠠᠯᠲᠠ ᠶᠢᠨ ᠲᠣᠭᠤᠷᠢᠭ ᠨᠢ ᠪᠥᠬᠦ ᠬᠢᠨᠠᠨ ᠰᠢᠯᠭᠠᠭᠴᠢ ᠪᠠ ᠠᠵᠢᠯᠲᠠᠨ ᠳᠤ ᠰᠢᠯᠭᠠᠯᠲᠠ ᠠᠴᠠ ᠡᠮᠦᠨᠡᠬᠢ ᠳᠠᠶᠢᠴᠢᠯᠠᠯᠲᠠ ᠪᠠ ᠪᠣᠯᠪᠠᠰᠤᠷᠠᠭᠤᠯᠤᠯ ᠬᠢᠪᠠ᠃ ᠡᠯ᠎ᠡ ᠰᠢᠯᠭᠠᠯᠲᠠ ᠶᠢᠨ ᠴᠢᠭ ᠤᠨ ᠭᠤᠤᠯ ᠰᠢᠯᠭᠠᠯᠲᠠᠨ ᠳᠤ ᠤᠷᠢᠭᠳᠠᠭᠰᠠᠨ ᠰᠢᠯᠭᠠᠭᠴᠢ᠂ ᠠᠵᠢᠯᠲᠠᠳ ︽ᠰᠢᠯᠭᠠᠯᠲᠠ ᠶᠢᠨ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠲᠣᠭᠲᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠭᠤᠷᠪᠠ ᠳᠤ᠂ ᠰᠢᠯᠭᠠᠯᠲᠠ ᠶᠢᠨ ᠬᠠᠮᠢᠶᠠᠷᠤᠯᠲᠠ ᠶᠢ ᠴᠢᠩᠳᠠᠯᠠᠵᠤ᠂ ᠰᠢᠯᠭᠠᠯᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠪᠡ᠃ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠰᠢᠯᠭᠠᠭᠤᠯᠤᠭᠰᠠᠳ ᠢᠶᠠᠨ ᠣᠯᠠᠨ ᠤᠳᠠᠭ᠎ᠠ ᠵᠣᠬᠢᠶᠠᠨ ᠪᠠᠶᠢᠭᠤᠯᠵᠤ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ︾ ᠶᠢ ᠨᠠᠷᠢᠨ ᠬᠢᠨᠠᠮᠠᠭᠠᠶ ᠰᠤᠷᠤᠯᠴᠠᠭᠤᠯᠤᠭᠰᠠᠨ ᠪᠥᠭᠡᠳ ︽ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠰᠣᠷᠣᠭᠴᠢ ᠡᠯᠰᠡᠬᠦ ᠠᠯᠪᠠᠨ ᠬᠡᠷ ᠤᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ᠪᠢᠳᠡ ᠬᠠᠯᠠᠭᠤᠮᠰᠤᠭ ᠢᠶᠠᠷ ᠦᠶ᠋ᠯᠡᠴᠢᠯᠡᠵᠦ᠂ ᠬᠠᠮᠤᠭ ᠤᠨ ᠶᠡᠭᠡ ᠬᠦᠴᠦᠨ ᠴᠢᠳᠠᠯ ᠢᠶᠠᠷ ᠢᠶᠠᠨ ᠲᠡᠭᠦᠨ ᠳᠤ ᠲᠥᠬᠦᠮ ᠦᠵᠡᠭᠦᠯᠵᠦ᠂ ᠬᠠᠮᠢᠶ᠎ᠠ ᠪᠥᠬᠦᠶ ᠮᠠᠲ᠋ᠧᠷᠢᠶᠠᠯ ᠲᠠᠷᠬᠠᠭᠠᠬᠤ ᠶᠢᠨ ᠬᠠᠮᠲᠤ ᠬᠠᠯᠠᠭᠤᠨ ᠳᠣᠲᠣᠨᠣ ᠰᠠᠨᠠᠭᠤᠯᠤᠮᠵᠢ ᠥᠭᠴᠦ᠂ ᠰᠢᠯᠭᠠᠭᠤᠯᠤᠭᠴᠢ ᠳᠤ ᠨᠢᠭᠡᠳ ᠨᠢᠭᠡ ᠪᠠᠷ ︽ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠢ ᠲᠣᠭᠲᠠᠵᠤ᠂ ᠰᠢᠯᠭᠠᠭᠤᠯᠤᠭᠴᠢ ᠶᠢ ᠰᠢᠯᠭᠠᠯᠲᠠ ᠶᠢᠨ ᠬᠤᠭᠤᠴᠠᠭᠠᠨ ᠳᠤ ᠲᠣᠭᠲᠠᠭᠠᠯ ᠶᠣᠰᠣᠭᠠᠷ ᠰᠢᠯᠭᠠᠯᠲᠠ ᠶᠢᠨ ᠴᠡᠭ ᠲᠤ ᠣᠷᠣᠵᠤ ᠢᠷᠡᠬᠦ ᠠᠴᠠ ᠡᠮᠦᠨᠡᠬᠢ ᠬᠠᠮᠢᠶ᠎ᠠ ᠪᠥᠬᠦᠶ ᠪᠠᠶᠢᠴᠠᠭᠠᠯᠲᠠ ᠶᠢ ᠭᠥᠯᠢᠶᠡᠨ ᠠᠪᠬᠤ ᠪᠥᠭᠡᠳ ᠬᠠᠮᠵᠢᠯᠴᠠᠬᠤ ᠬᠡᠷᠡᠭᠲᠡᠶ ᠭᠡᠵᠦ ᠱᠠᠭᠠᠷᠳᠠᠪᠠ︔ ᠰᠢᠯᠭᠠᠯᠲᠠ ᠶᠢᠨ ᠶᠠᠪᠤᠴᠠ ᠳᠤ ᠬᠡᠮ ᠬᠢᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠥᠮᠦᠨ ᠤ ᠵᠢᠰᠦ ᠶᠢ ᠢᠯᠭᠠᠨ ᠲᠠᠨᠢᠬᠤ ᠪᠠ ᠵᠢᠷᠤᠭ ᠳᠦᠷᠰᠦ ᠴᠤᠭᠯᠠᠭᠤᠯᠬᠤ ᠶᠢ ᠵᠥᠪᠰᠢᠶᠡᠷᠡᠪᠡ ᠃ ᠰᠢᠯᠭᠠᠭᠤᠯᠤᠭᠴᠢ ᠶᠢᠨ ᠰᠢᠯᠭᠠᠯᠲᠠ ᠶᠢᠨ ᠰᠠᠬᠢᠯᠭ᠎ᠠ ᠪᠠᠲᠤ ᠪᠠ ᠰᠢᠯᠭᠠᠯᠲᠠ ᠶᠢᠨ ᠴᠠᠭ ᠢ ᠵᠢᠷᠤᠮᠯᠠᠬᠤ ᠶᠢ ᠱᠠᠭᠠᠷᠳᠠᠵᠤ᠂ ᠬᠢᠨᠠᠨ ᠰᠢᠯᠭᠠᠭᠴᠢ ᠪᠠ ᠠᠵᠢᠯᠲᠠᠨ ᠤ ᠬᠠᠮᠢᠶᠠᠷᠤᠯᠲᠠ ᠶᠢ ᠤᠬᠠᠮᠰᠠᠷ ᠠᠴᠠ ᠪᠠᠨ ᠳᠠᠭᠠᠨ᠎ᠠ᠃    ᠲᠦᠷᠪᠡ ᠳᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠶᠢ ᠴᠢᠩᠭᠠᠳᠬᠠᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠪᠠ᠃ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠪᠣᠯ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠠᠮᠢᠨ ᠰᠤᠳᠠᠰᠤ ᠮᠥᠨ᠃ ᠡᠶᠢᠮᠦ ᠠᠴᠠ ᠪᠢᠳᠡ ᠦᠵᠡᠯ ᠰᠠᠨᠠᠭᠠᠨ ᠤ ᠲᠠᠯ᠎ᠠ ᠪᠠᠷ ᠪᠣᠯᠭᠤᠮᠵᠢᠲᠠᠶ ᠪᠠᠶᠢᠵᠤ᠂ ᠲᠦᠷᠢᠮ ᠤᠨ ᠲᠠᠯ᠎ᠠ ᠪᠠᠷ ᠨᠠᠷᠢᠨ ᠨᠢᠮᠪᠠᠶ ᠪᠠᠶᠢᠵᠤ᠂ ᠬᠡᠷᠡᠭᠵᠢᠭᠦᠯᠬᠦ ᠳᠤᠮᠳᠠ ᠪᠠᠨ ᠴᠢᠩᠭ᠎ᠠ ᠪᠥᠭᠡᠳ ᠴᠢᠩᠭ᠎ᠠ ᠪᠠᠶᠢᠵᠤ᠂ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠴᠠ ᠶᠢ ᠬᠠᠮᠠᠭᠠᠯᠠᠬᠤ ᠲᠠᠰᠤᠭ ᠪᠠ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠶᠢᠨ ᠬᠠᠷᠠᠭᠠᠨ ᠳᠠᠪᠲᠠᠮᠵᠢ ᠶᠢᠨ ᠡᠯᠧᠺᠳ᠋ᠷᠣᠨ ᠬᠢᠨᠠᠨ ᠡᠵᠡᠮᠳᠡᠬᠦ ᠰᠢᠰᠲ᠋ᠧᠮ ᠢ ᠰᠢᠯᠭᠠᠯᠲᠠ ᠶᠢᠨ ᠬᠤᠭᠤᠴᠠᠭᠠᠨ ᠳᠤ ᠠᠵᠢᠯᠯᠠᠭᠤᠯᠬᠤ ᠳᠤ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠪᠤᠰᠤ ᠳᠠᠯᠳᠠ ᠬᠡᠮ ᠢ ᠡᠷᠡᠰ ᠬᠦᠴᠦᠨ ᠥᠬᠡᠶ ᠪᠣᠯᠭᠠᠪᠠ᠃ ᠰᠢᠯᠭᠠᠯᠲᠠ ᠶᠢᠨ ᠬᠠᠭᠤᠳᠠᠰᠤᠨ ᠳᠤ ᠲᠡᠷᠭᠡᠨ ᠳᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠢᠴᠢ ᠣᠷᠣᠨ ᠪᠠᠶᠢᠷᠢ ᠲᠣᠭᠲᠠᠭᠠᠬᠤ ᠲᠥᠬᠦᠭᠡᠷᠦᠮᠵᠢ ᠨᠡᠮᠡᠵᠦ ᠤᠬᠰᠠᠷᠠᠪᠠ᠃ ᠰᠢᠯᠭᠠᠯᠲᠠ ᠶᠢᠨ ᠬᠠᠭᠤᠳᠠᠰᠤ ᠶᠢ ᠲᠡᠭᠡᠭᠡᠬᠦ᠂ ᠲᠤᠰᠢᠶᠠᠬᠤ ᠪᠠ ᠭᠥᠯᠢᠶᠡᠨ ᠠᠪᠬᠤ᠂ ᠨᠢᠭᠤᠴᠠ ᠶᠢ ᠬᠠᠮᠠᠭᠠᠯᠠᠬᠤ ᠵᠡᠷᠭᠡ ᠭᠤᠭᠴᠤᠭ᠎ᠠ ᠳᠤ ᠴᠥᠮ ᠨᠢᠭᠤᠴᠠ ᠶᠢ ᠬᠠᠮᠠᠭᠠᠯᠠᠬᠤ ᠲᠦᠷᠢᠮ ᠪᠠ ᠠᠵᠢᠯ ᠤᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ ᠢ ᠡᠷᠡᠰ ᠬᠡᠷᠡᠭᠵᠢᠭᠦᠯᠬᠦ ᠶᠢᠨ ᠬᠠᠮᠲᠤ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠵᠢᠵᠢᠭᠦᠷᠯᠡᠨ ᠲᠣᠭᠤᠷᠢᠨ ᠴᠠᠭᠳᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠠᠪᠤ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠷᠭᠡᠵᠢᠯ ᠤᠨ ᠰᠡᠷᠭᠡᠶᠢᠯᠡᠯᠲᠡ ᠶᠢ ᠤᠶᠠᠯᠳᠤᠭᠤᠯᠵᠤ᠂ ᠰᠢᠯᠭᠠᠯᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠬᠥᠮᠦᠨ ᠤ ᠵᠢᠰᠦ ᠶᠢ ᠢᠯᠭᠠᠨ ᠲᠠᠨᠢᠵᠤ ᠰᠢᠯᠭᠠᠨ ᠪᠠᠶᠢᠴᠠᠭᠠᠵᠤ ᠲᠠᠯᠠᠪᠠᠶ ᠳᠤ ᠣᠷᠣᠬᠤ ᠶᠢ ᠬᠡᠷᠡᠭᠵᠢᠭᠦᠯᠵᠦ᠂ ᠪᠢᠳᠡ ᠡᠯ᠎ᠡ ᠵᠢᠭᠠᠨ ᠰᠤᠷᠭᠠᠯᠲᠠ ᠶᠢᠨ ᠠᠰᠠᠷ ᠤᠨ ᠣᠷᠣᠬᠤ ᠭᠠᠵᠠᠷ ᠲᠤ ᠬᠥᠮᠦᠨ ᠤ ᠵᠢᠰᠦ ᠶᠢ ᠢᠯᠭᠠᠨ ᠲᠠᠨᠢᠵᠤ ᠰᠢᠯᠭᠠᠨ ᠪᠠᠲᠤᠯᠠᠬᠤ ᠵᠠᠮ ᠢ ᠵᠦᠶ ᠵᠣᠬᠢᠰᠲᠠᠶ ᠲᠣᠬᠢᠷᠠᠭᠤᠯᠪᠠ᠃ ᠡᠭᠦᠨ ᠤ ᠬᠠᠮᠲᠤ ᠡᠯ᠎ᠡ ᠰᠢᠯᠭᠠᠯᠲᠠ ᠶᠢᠨ ᠴᠡᠭ ᠲᠤ ᠲᠤᠭ᠎ᠠ ᠬᠡᠮᠵᠢᠶ᠎ᠡ ᠨᠢ ᠭᠦᠢᠴᠡᠳ ᠭᠠᠷ ᠤᠲᠠᠰᠤᠨ ᠤ ᠳᠣᠬᠢᠶᠠᠨ ᠬᠠᠯᠬᠠᠪᠴᠢ᠂ ᠬᠡᠮ ᠬᠢᠬᠦ ᠡᠮ᠂ ᠢᠨᠲ᠋ᠧᠷ ᠰᠦᠯᠵᠢᠶᠡᠨ ᠤ ᠬᠡᠪᠯᠡᠯ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠤᠨ ᠣᠶᠤᠨᠴᠢ ᠢᠯᠭᠠᠨ ᠲᠠᠨᠢᠬᠤ ᠬᠡᠮᠵᠢᠭᠦᠷᠯᠢᠭ ᠪᠠ ᠲᠡᠮᠦᠷᠯᠢᠭ ᠬᠠᠶᠢᠭᠤᠷ ᠲᠣᠬᠢᠷᠠᠭᠤᠯᠤᠭᠰᠠᠨ ᠪᠥᠭᠡᠳ ᠰᠢᠯᠭᠠᠯᠲᠠ ᠶᠢᠨ ᠲᠠᠯᠠᠪᠠᠶ᠂ ᠰᠢᠯᠭᠠᠯᠲᠠ ᠶᠢᠨ ᠶᠠᠪᠤᠳᠠᠯ ᠤᠨ ᠠᠯᠪᠠᠨ ᠬᠡᠷ᠂ ᠬᠢᠨᠠᠨ ᠡᠵᠡᠮᠳᠡᠬᠦ ᠲᠠᠰᠤᠭ ᠪᠠ ᠵᠢᠩ ᠶᠢᠨ ᠲᠠᠰᠤᠭ ᠲᠤ ᠶᠠᠪᠤᠬᠤ ᠳᠠᠭᠠᠨ ᠣᠨᠣᠪᠴᠢᠲᠠᠶ ᠪᠥᠭᠡᠳ ᠳᠠᠭᠤᠨ ᠥᠬᠡᠶ ᠬᠠᠳᠠᠨ ᠢᠨᠵᠠᠭ᠎ᠠ ᠶᠢᠨ ᠡᠯᠭᠦᠭᠦᠷ ᠲᠣᠬᠢᠷᠠᠭᠤᠯᠤᠭᠰᠠᠨ ᠪᠠᠶᠢᠨ᠎ᠠ᠃ ᠡᠳᠡᠭᠡᠷ ᠲᠥᠬᠦᠭᠡᠷᠦᠮᠵᠢ ᠨᠢ ᠲᠤᠷᠰᠢᠨ ᠲᠣᠬᠢᠷᠠᠭᠤᠯᠬᠤ ᠪᠠᠷ ᠳᠠᠮᠵᠢᠨ ᠠᠵᠢᠯᠯᠠᠭᠠᠨ ᠤ ᠦᠷ᠎ᠡ ᠪᠦᠲᠦᠮᠵᠢ ᠨᠢ ᠰᠠᠶᠢᠨ᠃ ᠡᠭᠦᠨ ᠤ ᠬᠠᠮᠲᠤ᠂ ᠰᠢᠯᠭᠠᠯᠲᠠ ᠬᠢᠨᠠᠭᠴᠢ᠂ ᠠᠵᠢᠯᠲᠠᠨ ᠤ ᠪᠣᠯᠪᠠᠰᠤᠷᠠᠭᠤᠯᠤᠯ ᠢ ᠬᠢᠨᠠᠮᠠᠭᠠᠶ ᠰᠠᠶᠢᠲᠤᠷ ᠬᠢᠵᠦ᠂ ᠲᠡᠭᠦᠨ ᠳᠤ ᠬᠡᠷᠡᠭᠯᠡᠬᠦ ᠠᠷᠭ᠎ᠠ ᠶᠢ ᠪᠣᠯᠪᠠᠰᠤᠷᠠᠩᠭᠤᠶ ᠡᠵᠡᠮᠰᠢᠭᠦᠯᠵᠦ᠂ ᠡᠳᠡᠭᠡᠷ ᠪᠡᠯᠡᠳᠬᠡᠮᠵᠢ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠮ ᠬᠢᠬᠦ ᠪᠠ ᠪᠤᠰᠤᠳ ᠭᠡᠮ ᠬᠢᠬᠦ ᠦᠢᠯᠡ ᠠᠵᠢᠯᠯᠠᠭ᠎ᠠ ᠶᠢ ᠰᠡᠷᠭᠡᠶᠢᠯᠡᠬᠦ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠭᠡᠮ ᠬᠢᠬᠦ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ᠃    【 ᠰᠤᠷᠪᠤᠯᠵᠢᠯᠠᠭᠴᠢ 】 ᠰᠤᠷᠪᠤᠯᠵᠢᠯᠠᠭᠴᠢ᠄ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠡᠯ᠎ᠡ ᠨᠢᠭᠡᠴᠡ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ ᠪᠥᠭᠡᠳ ᠤᠷᠤᠭᠰᠢᠲᠠᠶ ᠪᠡᠶᠡᠯᠡᠭᠳᠡᠬᠦ ᠶᠢ ᠬᠡᠷᠬᠢᠨ ᠪᠠᠲᠤᠯᠠᠬᠤ ᠪᠣᠶ︖    【 ᠬᠦᠨᠳᠦᠲᠦ ᠵᠣᠴᠢᠨ 】 ᠰᠦᠩ ᠲᠣᠪᠴᠢᠶᠠᠨ ᠳᠠᠷᠤᠭ᠎ᠠ᠄ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠰᠣᠷᠣᠭᠴᠢ ᠡᠯᠰᠡᠬᠦ ᠵᠥᠪᠯᠡᠯ ᠠᠴᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠪᠠ ᠠᠮᠤᠷ ᠲᠦᠪᠰᠢᠨ ᠤ ᠡᠮᠬᠢ ᠵᠢᠷᠤᠮ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠᠨ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠤᠯᠪᠣᠭ᠎ᠠ ᠂ ᠨᠢᠭᠡᠳᠦᠮᠡᠯ ᠬᠤᠯᠪᠣᠭ᠎ᠠ᠂ ᠰᠢᠯᠵᠢᠮᠡᠯ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠳᠤ ᠤᠲᠠᠰᠤ ᠥᠬᠡᠶ ᠮᠡᠳᠡᠭᠡ ᠬᠤᠯᠪᠣᠭᠠᠨ ᠤ ᠪᠠᠭᠠᠵᠢ ᠬᠡᠷᠡᠭᠯᠡᠭᠦᠷ ᠲᠠᠷᠬᠠᠭᠠᠬᠤ ᠰᠢᠯᠭᠠᠯᠲᠠ ᠶᠢᠨ ᠠᠭᠤᠯᠭ᠎ᠠ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠢᠨᠠᠨ ᠡᠵᠡᠮᠳᠡᠬᠦ ᠪᠠ ᠴᠣᠬᠢᠯᠲᠠ ᠥᠭᠬᠦ ᠶᠢ ᠴᠢᠩᠭᠠᠳᠬᠠᠪᠠ︔ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠲᠡᠷᠭᠡ ᠬᠥᠰᠬᠡ ᠵᠢᠴᠢ ᠬᠠᠮᠢᠶ᠎ᠠ ᠪᠥᠬᠦᠶ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠯᠭᠠᠯᠲᠠ ᠳᠤ ᠬᠡᠷᠡᠭᠯᠡᠬᠦ ᠲᠡᠷᠭᠡ ᠪᠠ ᠰᠢᠯᠭᠠᠭᠤᠯᠤᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ︔ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠰᠢᠯᠭᠠᠯᠲᠠ ᠶᠢᠨ ᠴᠡᠭ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ᠂ ᠰᠢᠯᠭᠠᠭᠤᠯᠤᠭᠴᠢ ᠶᠢᠨ ᠬᠤᠨᠣᠵᠤ ᠬᠡᠪᠲᠡᠬᠦ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠬᠠᠩᠭᠠᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ᠎ᠡ︔ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠡᠯ᠎ᠡ ᠰᠢᠯᠭᠠᠯᠲᠠ ᠶᠢᠨ ᠴᠡᠭ ᠪᠠ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠵᠤ᠂ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠬᠤᠭᠤᠴᠠᠭᠠᠨ ᠳᠤ ᠨᠢᠭᠡᠨᠲᠡ ᠪᠡᠯᠡᠳᠬᠡᠯ ᠴᠠᠬᠢᠯᠭᠠᠨ ᠡᠭᠦᠰᠭᠡᠭᠴᠢ ᠶᠢ ᠳᠣᠭᠢᠷᠠᠭᠤᠯᠪᠠ︔ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠰᠢᠯᠭᠠᠯᠲᠠ ᠳᠤ ᠣᠷᠣᠯᠴᠠᠬᠤ ᠰᠠᠶᠢᠨ ᠣᠷᠴᠢᠨ ᠨᠥᠬᠦᠴᠡᠯ ᠢ ᠦᠨᠡᠨ ᠬᠦ ᠪᠠᠲᠤᠯᠠᠪᠠ᠃ ᠰᠣᠷᠣᠭᠴᠢ ᠡᠯᠰᠡᠬᠦ ᠵᠥᠪᠯᠡᠯ ᠠᠴᠠ ᠪᠠᠰᠠ ᠪᠤᠰᠤᠳ ᠡᠯ᠎ᠡ ᠰᠠᠯᠠᠭ᠎ᠠ ᠮᠥᠴᠢᠷ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠶᠡᠭᠡ ᠪᠠᠷ ᠬᠠᠮᠵᠢᠯᠴᠠᠵᠤ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ  ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2