ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ᠤᠨ ᠭᠡᠰᠢᠭᠦᠨ ᠢ ᠰᠣᠩᠭᠤᠨ ᠤᠷᠢᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/6/8
   ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ ᠲᠣᠭᠲᠠᠴᠠ ᠶᠢ ᠪᠦᠷᠢᠨᠰᠢᠭᠦᠯᠵᠦ᠂ ᠲᠤᠰᠬᠠᠶ ᠮᠡᠷᠭᠡᠵᠢᠯᠲᠡᠨ᠂ ᠡᠷᠳᠡᠮᠲᠡᠳ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠥᠪ ᠭᠤᠤᠯᠴᠢ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠳᠣᠬᠠᠨ ᠤ ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠰᠢᠶᠠᠨ ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ︵ᠳᠣᠷᠣᠭᠰᠢ ︽ᠳᠠᠬᠢᠨ ᠵᠥᠪᠯᠡᠬᠦ ᠺᠣᠮᠢᠰ︾ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠥᠯᠥᠪᠯᠡᠵᠦ᠂ ᠣᠲᠣ ᠨᠡᠶᠢᠭᠡᠮ ᠳᠤ ᠬᠠᠨᠳᠤᠭᠤᠯᠤᠨ ᠳᠠᠬᠢᠨ ᠵᠥᠪᠯᠡᠬᠦ ᠵᠥᠪᠯᠡᠯ ᠤᠨ ᠭᠡᠰᠢᠭᠦᠨ ᠢ ᠢᠯᠡ ᠪᠠᠷ ᠰᠣᠩᠭᠤᠨ ᠤᠷᠢᠵᠤ ᠪᠠᠶᠢᠨ᠎ᠠ᠂ ᠬᠤᠯᠪᠣᠭᠳᠠᠯ ᠪᠥᠬᠦᠶ ᠵᠦᠶ᠋ᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠰᠣᠩᠭᠤᠨ ᠤᠷᠢᠭᠰᠠᠨ ᠬᠥᠮᠦᠨ ᠤ ᠲᠤᠭ᠎ᠠ    ᠲᠣᠰ ᠤᠳᠠᠭ᠎ᠠ ᠳᠠᠬᠢᠨ ᠵᠥᠪᠯᠡᠬᠦ ᠵᠥᠪᠯᠡᠯ ᠤᠨ ᠭᠡᠰᠢᠭᠦᠨ ᠢ ᠢᠯᠡ ᠪᠠᠷ ᠰᠣᠩᠭᠤᠨ ᠤᠷᠢᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 7 ᠭᠡᠰᠢᠭᠦᠨ ᠢ ᠰᠣᠩᠭᠤᠨ ᠤᠷᠢᠬᠤ ᠪᠠᠷ ᠲᠥᠯᠥᠪᠯᠡᠵᠦ ᠪᠠᠶᠢᠨ᠎ᠠ᠃    ᠬᠤᠶᠠᠷ᠂ ᠲᠤᠰᠢᠶᠠᠯ ᠬᠠᠷᠢᠭᠤᠴᠠᠯᠭ᠎ᠠ ᠪᠠ ᠲᠤᠰᠢᠶᠠᠯ ᠤᠨ ᠬᠤᠭᠤᠴᠠᠭ᠎ᠠ    ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠥᠪᠯᠡᠯ ᠪᠣᠯ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠨ ᠰᠢᠶ᠋ᠳᠪᠦᠷᠢᠯᠡᠬᠦ ᠵᠥᠪᠯᠡᠯᠭᠡ ᠥᠭᠬᠦ ᠪᠠᠶᠢᠭᠤᠯᠤᠮᠵᠢ ᠮᠥᠨ᠂ ᠭᠡᠰᠢᠭᠦᠳ ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ ᠵᠥᠪᠯᠡᠯᠭᠡ ᠥᠭᠬᠦ ᠰᠠᠨᠠᠯ ᠬᠠᠩᠭᠠᠬᠤ ᠶᠢᠨ ᠬᠠᠮᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠳᠤᠮᠳᠠᠬᠢ ᠴᠢᠬᠤᠯᠠ ᠶᠡᠭᠡ ᠵᠦᠶ᠋ᠯᠡᠰ ᠪᠠ ᠨᠡᠶᠢᠲᠡᠯᠢᠭ ᠴᠢᠨᠠᠷᠲᠠᠶ ᠠᠰᠠᠭᠤᠳᠠᠯ ᠤᠨ ᠲᠤᠬᠠᠶ ᠰᠤᠳᠤᠯᠤᠨ ᠰᠠᠨᠠᠯ ᠳᠤᠷᠠᠳᠴᠤ᠂ ᠲᠤᠰᠢᠶᠠᠯ ᠤᠨ ᠬᠤᠭᠤᠴᠠᠭ᠎ᠠ ᠨᠢ 3 ᠵᠢᠯ ᠪᠠᠶᠢᠵᠤ᠂ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠵᠦ ᠪᠣᠯᠤᠨ᠎ᠠ᠂ ᠤᠷᠢᠬᠤ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠨ ᠤᠷᠢᠵᠤ ᠪᠣᠯᠤᠨ᠎ᠠ᠃    ᠭᠤᠷᠪᠠ᠂ ᠰᠣᠩᠭᠤᠨ ᠤᠷᠢᠬᠤ ᠨᠥᠬᠦᠴᠡᠯ    ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠥᠪᠯᠡᠯ ᠤᠨ ᠭᠡᠰᠢᠭᠦᠨ ᠤ ᠲᠤᠰᠢᠶᠠᠯ ᠢ ᠡᠭᠦᠷᠭᠡᠯᠡᠬᠦ ᠳᠤ ᠡᠩ ᠲᠡᠷᠢᠭᠦᠨ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄    1. ᠨᠠᠮ ᠤᠨ ᠱᠤᠭᠤᠮ᠂ ᠴᠢᠭᠯᠡᠯᠲᠡ ᠪᠣᠯᠤᠨ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠶᠢ ᠵᠢᠷᠤᠮᠯᠠᠬᠤ ᠬᠡᠷᠡᠭᠲᠡᠶ᠃    2. ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠲᠡᠮᠳᠡᠭᠯᠡᠯ ᠦᠭᠡᠶ ᠪᠣᠯ ᠨᠡᠶᠢᠭᠡᠮ ᠤᠨ ᠢᠲᠡᠭᠡᠮᠵᠢ ᠶᠢᠨ ᠬᠠᠷ᠎ᠠ ᠳᠠᠩᠰᠠᠨ ᠳᠤ ᠣᠷᠣᠭᠤᠯᠤᠭᠰᠠᠨ ᠦᠭᠡᠶ᠃    3. ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠰᠠᠬᠢᠯᠭ᠎ᠠ ᠪᠠᠲᠤ ᠪᠠ ᠶᠣᠰᠣ ᠮᠣᠷᠠᠯ ᠤᠨ ᠪᠣᠯᠪᠠᠰᠤᠷᠠᠯ ᠪᠠᠶᠢᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠃    4. ᠪᠡᠶ᠎ᠡ ᠮᠠᠬᠠᠪᠣᠳ ᠡᠷᠡᠭᠦᠯ ᠴᠢᠭᠢᠷᠠᠭ᠂ ᠨᠡᠯᠢᠶᠡᠳ ᠴᠢᠩᠭ᠎ᠠ ᠦᠭᠡ ᠬᠡᠯᠡ ᠦᠰᠦᠭ ᠪᠢᠴᠢᠭ ᠤᠨ ᠢᠯᠡᠳᠬᠡᠬᠦ ᠴᠢᠳᠠᠪᠤᠷᠢ ᠲᠠᠢ᠃    5᠂ ᠲᠤᠰᠬᠠᠢ ᠮᠡᠷᠭᠡᠵᠢᠯ ᠤᠨ ᠬᠦᠷᠢᠶᠡᠨ ᠳᠤ ᠵᠣᠬᠢᠬᠤ ᠨᠡᠶᠢᠭᠡᠮ ᠤᠨ ᠨᠥᠯᠥᠭᠡᠯᠡᠬᠦ ᠬᠦᠴᠦᠨ ᠲᠠᠢ᠂ ᠢᠲᠡᠭᠡᠯ ᠬᠦᠨᠳᠦ ᠪᠠᠷ ᠰᠠᠶᠢᠨ ᠮᠥᠷᠲᠡᠭᠡᠨ ᠳᠣᠣᠷᠠᠬᠢ ᠨᠥᠬᠦᠴᠡᠯ ᠤᠨ ᠨᠢᠭᠡ ᠳᠤᠨᠢ ᠨᠡᠶᠢᠴᠡᠨ᠎ᠡ᠄    ᠡᠷᠳᠡᠮᠲᠡᠨ᠄ ᠬᠠᠤᠯᠢ ᠶᠢᠨ ᠤᠬᠠᠭᠠᠨ ᠤ ᠵᠢᠭᠠᠨ ᠰᠤᠷᠭᠠᠯᠲᠠ ᠪᠤᠶᠤ ᠣᠨᠣᠯ ᠤᠨ ᠰᠤᠳᠤᠯᠭᠠᠨ ᠤ ᠠᠵᠢᠯ ᠢ ᠰᠢᠭᠤᠳ ᠬᠢᠭᠰᠡᠨ ᠭᠤᠷᠪᠠᠨ ᠵᠢᠯ ᠠᠴᠠ ᠳᠡᠭᠡᠭᠰᠢ ᠠᠵᠢᠯ ᠤᠨ ᠲᠤᠷᠰᠢᠯᠭ᠎ᠠ ᠲᠠᠢ ᠠᠵᠢᠯᠲᠠᠨ᠃    ᠲᠤᠰᠬᠠᠶ ᠮᠡᠷᠭᠡᠵᠢᠯᠲᠡᠨ᠄ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠂ ᠣᠷᠴᠢᠨ ᠲᠣᠭᠤᠷᠢᠨ᠂ ᠢᠨᠵᠧᠨᠧᠷᠢᠩ ᠤᠨ ᠮᠡᠷᠭᠡᠵᠢᠯ᠂ ᠠᠨᠠᠭᠠᠬᠤ ᠤᠬᠠᠭᠠᠨ᠂ ᠣᠷᠣ ᠮᠥᠷ᠂ ᠪᠣᠳᠠᠰ ᠤᠨ ᠭᠡᠷᠡᠴᠢ ᠵᠡᠷᠭᠡ ᠲᠤᠰᠬᠠᠶ ᠮᠡᠷᠭᠡᠵᠢᠯ ᠤᠨ ᠠᠵᠢᠯ ᠢ ᠦᠷᠭᠦᠯᠵᠢᠯᠡᠨ ᠬᠢᠭᠡᠳ ᠪᠦᠬᠦᠯᠢ 15 ᠵᠢᠯ ᠪᠣᠯᠪᠠ︔ ᠡᠰᠡᠬᠦᠯ᠎ᠡ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠬᠦᠷᠢᠶᠡᠨ ᠳᠠᠬᠢ ᠮᠡᠳᠡᠯᠭᠡ ᠲᠠᠢ ᠪᠥᠭᠡᠳ ᠲᠣᠰ ᠲᠤᠰᠬᠠᠶ ᠮᠡᠷᠭᠡᠵᠢᠯ ᠤᠨ ᠬᠦᠷᠢᠶᠡᠨ ᠤ ᠠᠵᠢᠯ ᠢ ᠬᠢᠭᠰᠡᠨ ᠨᠢ ᠠᠳᠠᠯᠢᠬᠠᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠲᠠᠢ᠃    ᠬᠠᠤᠯᠢᠴᠢ᠄ ᠵᠢᠩᠬᠢᠨᠢ ᠪᠠᠷ ᠠᠵᠢᠯ ᠡᠷᠬᠢᠯᠡᠭᠰᠡᠨ ᠭᠤᠷᠪᠠᠨ ᠵᠢᠯ ᠠᠴᠠ ᠳᠡᠭᠡᠭᠱᠢ᠂ ᠨᠡᠯᠢᠶᠡᠳ ᠥᠨᠳᠥᠷ ᠲᠤᠰᠭᠠᠢ ᠮᠡᠷᠭᠡᠵᠢᠯ ᠤᠨ ᠬᠢᠷᠢ ᠬᠡᠮᠵᠢᠶ᠎ᠡ ᠪᠠ ᠰᠠᠢᠨ ᠰᠠᠢᠬᠠᠨ ᠢᠲᠡᠭᠡᠯ ᠲᠠᠢ᠃    ᠪᠠᠶᠢᠴᠠᠭᠠᠭᠴᠢ᠄ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠭᠤᠷᠪᠠᠨ ᠵᠢᠯ ᠠᠴᠠ ᠳᠡᠭᠡᠭᠰᠢ ᠬᠢᠪᠡ᠃    ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠨ᠄ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠳᠡᠭᠢᠨ ᠵᠥᠪᠯᠡᠬᠦ ᠪᠤᠶᠤ ᠬᠠᠤᠯᠢ ᠳᠦᠷᠢᠮ ᠤᠨ ᠠᠵᠢᠯ ᠢ ᠬᠢᠭᠡᠳ ᠪᠦᠬᠦᠯᠢ ᠭᠤᠷᠪᠠᠨ ᠵᠢᠯ ᠪᠣᠯᠤᠭᠰᠠᠨ ᠠᠵᠢᠯᠲᠠᠳ᠃    ᠳᠥᠷᠪᠡ᠂ ᠰᠣᠩᠭᠤᠨ ᠤᠷᠢᠬᠤ ᠳᠡᠰ ᠳᠠᠷᠠᠭᠠᠯᠠᠯ    1. ᠠᠯᠪᠠᠨ ᠵᠠᠷ ᠨᠡᠶᠢᠲᠡᠯᠡᠬᠦ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵https://www.shangdu.gov.cn/︶᠂ ᠸᠢᠴᠠᠲ ᠤᠨ ᠨᠡᠶᠢᠲᠡ ᠶᠢᠨ ᠳ᠋ᠤᠭᠠᠷ ︽ᠬᠠᠤᠯᠢ ᠪᠠᠷ ᠵᠠᠰᠠᠬᠤ ᠱᠠᠩᠳᠤ︾ ᠵᠡᠷᠭᠡ ᠵᠠᠭᠤᠴᠢᠯᠠᠭᠤᠷ ᠤᠨ ᠬᠢᠨ ᠠᠯᠪᠠᠨ ᠵᠠᠷ ᠨᠡᠶᠢᠲᠡᠯᠡᠪᠡ᠃    2. ᠨᠡᠷ᠎ᠡ ᠮᠡᠳᠡᠭᠦᠯᠬᠦ ᠠᠷᠭ᠎ᠠ ᠮᠠᠶ᠋ᠢᠭ    ᠲᠣᠰ ᠤᠳᠠᠭᠠᠨ ᠤ ᠰᠣᠩᠭᠤᠨ ᠤᠷᠢᠬᠤ ᠳᠤ ᠬᠤᠪᠢ ᠬᠥᠮᠦᠨ ᠲᠠᠨᠢᠯᠴᠠᠭᠤᠯᠬᠤ᠂ ᠪᠠᠶᠢᠭᠤᠯᠭ᠎ᠠ ᠨᠢᠭᠡᠴᠢ ᠠᠴᠠ ᠲᠠᠨᠢᠯᠴᠠᠭᠤᠯᠬᠤ ᠵᠡᠷᠭᠡ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠡᠷ᠎ᠡ ᠮᠡᠳᠡᠭᠦᠯᠵᠦ ᠲᠠᠨᠢᠯᠴᠠᠭᠤᠯᠬᠤ ᠴᠠᠭ᠄ 2024 ᠣᠨ ᠤ 6 ᠰᠠᠷ᠎ᠠ ᠶᠢᠨ 7 ᠤ ᠡᠳᠦᠷ ᠠᠴᠠ 2024 ᠣᠨ ᠤ 6 ᠰᠠᠷ᠎ᠠ ᠶᠢᠨ 16 ᠤ ᠡᠳᠦᠷ ᠪᠣᠯᠲᠠᠯ᠎ᠠ᠃    ᠬᠤᠪᠢ ᠬᠥᠮᠦᠨ ᠤ ᠥᠪᠡᠷ ᠲᠡᠭᠡᠨ ᠲᠠᠨᠢᠯᠴᠠᠭᠤᠯᠬᠤ᠄ ᠨᠡᠷ᠎ᠡ ᠮᠡᠳᠡᠭᠦᠯᠬᠦ ᠬᠦᠰᠦᠨᠦᠭᠲᠦ ᠶᠢ ᠪᠠᠭᠤᠯᠭᠠᠨ ᠠᠪᠬᠤ ᠶᠢᠨ ᠬᠠᠮᠲᠤ ᠨᠡᠷ᠎ᠡ ᠮᠡᠳᠡᠭᠦᠯᠬᠦ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ᠂ ᠰᠣᠩᠭᠤᠨ ᠤᠷᠢᠬᠤ ᠨᠥᠬᠦᠴᠡᠯ ᠳᠤ ᠨᠡᠶᠢᠴᠡᠬᠦ ᠭᠡᠷᠡᠴᠢ ᠠᠪᠬᠤ ᠮᠠᠲ᠋ᠧᠷᠢᠶᠠᠯ᠂ ᠵᠢᠱᠢᠶᠡᠯᠡᠪᠡᠯ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠮᠡᠷᠭᠡᠵᠢᠯ ᠤᠨ ᠴᠣᠯᠠ᠂ ᠠᠵᠢᠯ ᠡᠷᠬᠢᠯᠡᠬᠦ ᠦᠨᠡᠮᠯᠡᠯ᠂ ᠢᠷᠠᠭᠤ ᠠᠯᠳᠠᠷ ᠤᠨ ᠴᠣᠯᠠ᠂ ᠠᠵᠢᠯ ᠤᠨ ᠠᠮᠵᠢᠯᠲᠠ ᠪᠦᠲᠦᠮᠵᠢ᠂ ᠰᠤᠳᠤᠯᠭᠠᠨ ᠤ ᠦᠷ᠎ᠡ ᠪᠦᠲᠦᠭᠡᠯ ᠵᠡᠷᠭᠡ ᠶᠢ ᠭᠡᠷᠡᠴᠢᠯᠡᠨ᠎ᠡ᠃ ︽ᠨᠡᠷ᠎ᠡ ᠮᠡᠳᠡᠭᠦᠯᠬᠦ ᠬᠦᠰᠦᠨ᠋ᠦᠭᠲᠦ︾ ᠵᠢᠴᠢ ᠡᠮᠦᠨ᠎ᠡ ᠥᠭᠦᠯᠡᠭᠰᠡᠨ ᠮᠠᠲ᠋ᠧᠷᠢᠶᠠᠯ ᠨᠢ ᠪᠦᠷᠢ ᠰᠢᠷᠪᠢᠯᠲᠡ ᠬᠢᠬᠦ ᠵᠦ᠋ᠶ᠋ᠯ ᠤᠨ PDF ᠬᠡᠪᠯᠡᠯ ᠬᠠᠩᠬᠠᠬᠤ ᠬᠡᠷᠡᠭᠲᠡᠶ ᠪᠥᠭᠡᠳ ᠢᠮᠧᠯ ᠤᠨ sdxsfzg@163.com    ᠨᠢᠭᠡᠴᠡ ᠶᠢᠨ ᠲᠠᠨᠢᠯᠴᠠᠭᠤᠯᠬᠤ᠄ ᠲᠠᠨᠢᠯᠴᠠᠭᠤᠯᠤᠭᠰᠠᠨ ᠨᠢᠭᠡᠴᠡ ᠠᠴᠠ ᠬᠠᠷᠢᠭᠤᠴᠠᠨ ︽ᠨᠡᠷ᠎ᠡ ᠮᠡᠳᠡᠭᠦᠯᠬᠦ ᠬᠦᠰᠦᠨᠦᠭᠲᠦ︾ ᠲᠠᠭᠯᠠᠵᠤ᠂ ᠠᠯᠪᠠᠨ ᠲᠠᠮᠠᠭ᠎ᠠ ᠳᠠᠷᠤᠨ᠎ᠠ᠃ ᠡᠭᠦᠨ ᠤ ᠬᠠᠮᠲᠤ᠂ ᠰᠣᠩᠭᠤᠨ ᠤᠷᠢᠬᠤ ᠨᠥᠬᠦᠴᠡᠯ ᠳᠤ ᠨᠡᠶᠢᠴᠡᠬᠦ ᠭᠡᠷᠡᠴᠢᠯᠡᠯ ᠤᠨ ᠮᠠᠲ᠋ᠧᠷᠢᠶᠠᠯ ᠢ ᠳᠠᠭᠠᠯᠳᠤᠭᠤᠯᠤᠨ᠎ᠠ᠂ ᠵᠢᠱᠢᠶᠡᠯᠡᠪᠡᠯ ᠰᠤᠷᠤᠯᠭ᠎ᠠ ᠶᠢᠨ ᠨᠠᠮᠲᠠᠷ ᠤᠨ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠮᠡᠷᠭᠡᠵᠢᠯ ᠤᠨ ᠴᠣᠯᠠ᠂ ᠠᠵᠢᠯ ᠡᠷᠬᠢᠯᠡᠬᠦ ᠦᠨᠡᠮᠯᠡᠯ᠂ ᠢᠷᠠᠭᠤ ᠠᠯᠳᠠᠷ ᠤᠨ ᠴᠣᠯᠠ᠂ ᠠᠵᠢᠯ ᠤᠨ ᠠᠮᠵᠢᠯᠲᠠ ᠪᠦᠲᠦᠮᠵᠢ᠂ ᠰᠤᠳᠤᠯᠭᠠᠨ ᠤ ᠦᠷ᠎ᠡ ᠪᠦᠲᠦᠭᠡᠯ ᠵᠡᠷᠭᠡ᠃ ︽ᠨᠡᠷ᠎ᠡ ᠮᠡᠳᠡᠭᠦᠯᠬᠦ ᠬᠦᠰᠦᠨ᠋ᠦᠭᠲᠦ︾ ᠵᠢᠴᠢ ᠡᠮᠦᠨ᠎ᠡ ᠥᠭᠦᠯᠡᠭᠰᠡᠨ ᠮᠠᠲ᠋ᠧᠷᠢᠶᠠᠯ ᠨᠢ ᠪᠦᠷᠢ ᠰᠢᠷᠪᠢᠯᠲᠡ ᠬᠢᠬᠦ ᠵᠦ᠋ᠶ᠋ᠯ ᠤᠨ PDF ᠬᠡᠪᠯᠡᠯ ᠬᠠᠩᠬᠠᠬᠤ ᠬᠡᠷᠡᠭᠲᠡᠶ ᠪᠥᠭᠡᠳ ᠢᠮᠧᠯ ᠤᠨ sdxsfzg@163.com    3. ᠬᠢᠨᠠᠨ ᠬᠠᠷᠭᠤᠭᠤᠯᠬᠤ ᠪᠠ ᠤᠷᠢᠨ ᠲᠣᠮᠢᠯᠠᠬᠤ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠨᠠᠶᠢᠳᠠᠵᠤ ᠬᠢᠷᠢ ᠬᠡᠮ ᠢ ᠬᠢᠨᠠᠨ ᠬᠠᠷᠭᠤᠭᠤᠯᠵᠤ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠨᠡᠷ᠎ᠡ ᠮᠡᠳᠡᠭᠦᠯᠦᠭᠰᠡᠨ ᠬᠥᠮᠦᠰ ᠤᠨ ᠲᠤᠷᠰᠢᠯᠭ᠎ᠠ᠂ ᠴᠢᠳᠠᠪᠤᠷᠢ᠂ ᠬᠠᠤᠯᠢ ᠴᠠᠭᠠᠵᠠ ᠶᠢᠨ ᠲᠤᠰᠬᠠᠶ ᠴᠢᠳᠠᠪᠤᠷᠢ ᠵᠡᠷᠭᠡ ᠲᠠᠯ᠎ᠠ ᠶᠢᠨ ᠠᠭᠤᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ ᠬᠢᠨᠠᠨ ᠬᠠᠷᠭᠤᠭᠤᠯᠵᠤ᠂ ᠳᠠᠬᠢᠨ ᠵᠥᠪᠯᠡᠬᠦ ᠵᠥᠪᠯᠡᠯ ᠤᠨ ᠭᠡᠰᠢᠭᠦᠨ ᠤ ᠨᠡᠷᠡᠰ ᠢ ᠲᠣᠭᠲᠠᠭᠠᠪᠠ᠃    ᠤᠷᠢᠨ ᠲᠣᠮᠢᠯᠠᠬᠤ ᠨᠥᠬᠦᠴᠡᠯ ᠳᠤ ᠨᠡᠶᠢᠴᠡᠬᠦ ᠵᠢᠱᠢᠭᠳᠡᠭᠴᠢ ᠶᠢᠨ ᠮᠡᠳᠡᠭᠡ ᠵᠠᠩᠭᠢ ᠶᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠠᠶᠢᠪᠠᠯ᠂ ᠱᠠᠩᠳᠤ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠥᠪᠯᠡᠯ ᠤᠨ ᠭᠡᠰᠢᠭᠦᠨ ᠢᠶᠠᠷ ᠤᠷᠢᠨ ᠲᠣᠮᠢᠯᠠᠵᠤ᠂ ᠤᠷᠢᠯᠭ᠎ᠠ ᠶᠢᠨ ᠪᠢᠴᠢᠭ ᠣᠯᠭᠤᠨ᠎ᠠ᠃    ᠣᠨᠴᠠᠭᠠᠶᠢᠯᠠᠨ ᠲᠣᠳᠣᠷᠬᠠᠶᠢᠯᠠᠭᠰᠠᠨ ᠨᠢ ᠲᠣᠰ ᠤᠳᠠᠭᠠᠨ ᠤ ᠰᠣᠩᠭᠤᠨ ᠤᠷᠢᠬᠤ ᠳᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠨᠡᠷ᠎ᠡ ᠮᠡᠳᠡᠭᠦᠯᠦᠭᠰᠡᠨ ᠬᠥᠮᠦᠰ ᠲᠣᠰ ᠬᠥᠮᠦᠨ ᠤ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠪᠠᠯ ᠴᠥᠮ ᠬᠢᠷᠢ ᠬᠡᠮ ᠢ ᠬᠦᠴᠦᠨ ᠥᠬᠡᠶ ᠪᠣᠯᠭᠠᠬᠤ ᠬᠡᠷᠡᠭᠲᠡᠶ᠃    ᠲᠠᠪᠤ᠂ ᠪᠤᠰᠤᠳ ᠤᠴᠢᠷ ᠶᠠᠪᠤᠳᠠᠯ ᠢ ᠴᠠᠭ ᠲᠤᠬᠠᠶ ᠳᠤᠨᠢ ᠠᠰᠠᠭᠤᠨ ᠯᠠᠪᠯᠠᠵᠤ ᠪᠣᠯᠤᠨ᠎ᠠ᠃    1. ᠬᠠᠷᠢᠯᠴᠠᠬᠤ ᠬᠥᠮᠦᠨ᠄ ᠸᠠᠩ ᠴᠢᠩ ᠤᠯᠤᠰ    2. ᠬᠠᠷᠢᠯᠴᠠᠬᠤ ᠤᠲᠠᠰᠤ᠄ 0474 - 6811991    3᠂ ᠢᠮᠧᠯ᠄ sdxsfzg@163.com    4. ᠬᠠᠶ᠋ᠢᠭ᠄ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠠᠰᠤᠭ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2