ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠳᠡᠯ ᠣᠯᠠᠨ ᠭᠠᠷᠳᠠᠭ ᠵᠠᠮ ᠤᠨ ᠬᠡᠰᠡᠭ ᠲᠤ ᠰᠢᠯᠵᠢᠮᠡᠯ ᠬᠤᠷᠳᠤᠴᠠ ᠬᠡᠮᠵᠢᠬᠦ ᠲᠥᠬᠦᠭᠡᠷᠦᠮᠵᠢ ᠶᠢ ᠡᠬᠢᠯᠡᠨ ᠬᠡᠷᠡᠭᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/7/1
  ᠵᠠᠮ ᠬᠠᠷᠢᠯᠴᠠᠭᠠᠨ ᠤ ᠠᠮᠤᠷ ᠲᠦᠪᠰᠢᠨ ᠤ ᠡᠮᠬᠢ ᠳᠢᠭᠯᠢᠮ ᠢ ᠤᠯᠠᠮ ᠨᠢᠭᠡ ᠠᠯᠬᠤᠮ ᠬᠠᠮᠠᠭᠠᠯᠠᠵᠤ᠂ ᠬᠤᠷᠳᠤᠴᠠ ᠠᠴᠠ ᠬᠡᠲᠦᠷᠡᠭᠰᠡᠨ ᠠᠴᠠ ᠪᠣᠯᠤᠭᠰᠠᠨ ᠵᠠᠮ ᠬᠠᠷᠢᠯᠴᠠᠭᠠᠨ ᠤ ᠠᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠳᠡᠯ ᠣᠯᠠᠨ ᠭᠠᠷᠳᠠᠭ ᠵᠠᠮ ᠤᠨ ᠬᠡᠰᠡᠭ ᠲᠤ ᠰᠢᠯᠵᠢᠮᠡᠯ ᠬᠤᠷᠳᠤᠴᠠ ᠬᠡᠮᠵᠢᠬᠦ ᠲᠥᠬᠦᠭᠡᠷᠦᠮᠵᠢ ᠶᠢ ᠡᠬᠢᠯᠡᠨ ᠬᠡᠷᠡᠭᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠰᠢᠯᠵᠢᠮᠡᠯ ᠬᠤᠷᠳᠤᠴᠠ ᠶᠢ ᠬᠡᠮᠵᠢᠬᠦ ᠵᠠᠮ ᠪᠠ ᠬᠤᠷᠳᠤᠴᠠ ᠶᠢ ᠬᠢᠵᠠᠭᠠᠷᠯᠠᠬᠤ ᠬᠡᠮᠵᠢᠭᠳᠡᠯ᠄    S314 ᠱᠣᠭᠤᠮ 65 ᠺᠢᠯᠣᠮᠧᠳ᠋ᠷ ᠠᠴᠠ 77 ᠺᠢᠯᠣᠮᠧᠳ᠋ᠷ ᠤᠨ ᠵᠠᠮ ᠤᠨ ᠬᠡᠰᠡᠭ ᠲᠤ ᠬᠤᠷᠳᠣᠴᠠ ᠶᠢ 70 ᠺᠢᠯᠣᠮᠧᠳ᠋ᠷ / ᠴᠠᠭ ᠬᠢᠵᠠᠭᠠᠷᠯᠠᠨ᠎ᠠ᠃    ᠵᠢᠢ ᠱᠠᠩ ᠵᠠᠰᠠᠮᠠᠯ ᠵᠠᠮ 58 ᠺᠢᠯᠦᠮᠧᠳ᠋ᠷ ᠠᠴᠠ 68 ᠺᠢᠯᠦᠮᠧᠳ᠋ᠷ ᠬᠦᠷᠬᠦ ᠵᠠᠮ ᠤᠨ ᠬᠤᠷᠳᠤᠴᠠ ᠶᠢ 70 ᠺᠢᠯᠣᠮᠧᠳ᠋ᠷ ᠬᠢᠵᠠᠭᠠᠷᠯᠠᠨ᠎ᠠ᠃    ᠬᠤᠶᠠᠷ᠂ ᠲᠥᠬᠦᠭᠡᠷᠦᠮᠵᠢ ᠶᠢ ᠡᠬᠢᠯᠡᠨ ᠬᠡᠷᠡᠭᠯᠡᠭᠰᠡᠨ ᠡᠳᠦᠷ᠄ 2024 ᠣᠨ ᠤ 7 ᠰᠠᠷ᠎ᠠ ᠶᠢᠨ 5 ᠤ ᠡᠳᠦᠷ ᠤᠨ ᠲᠡᠭ ᠴᠠᠭ ᠠᠴᠠ ᠡᠬᠢᠯᠡᠨ᠎ᠡ    ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠰᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ ᠢᠶᠠᠷ ᠵᠢᠯᠣᠭᠤᠳᠴᠤ᠂ ᠪᠣᠯᠪᠠᠰᠤᠨ ᠢᠶᠠᠷ ᠭᠠᠳᠠᠭᠰᠢ ᠭᠠᠷᠴᠤ᠂ ᠡᠮᠬᠢ ᠵᠢᠷᠤᠮ ᠲᠠᠢ᠂ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠬᠤ ᠬᠡᠷᠡᠭᠲᠡᠶ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠱᠠᠩᠳᠤ ᠱᠢᠶᠠᠨ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ    2024 ᠣᠨ ᠤ 6 ᠰᠠᠷ᠎ᠠ ᠶᠢᠨ 28 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2