ᠪᠥᠸᠧ ᠬᠤ᠋ ᠵᠢᠩ ᠰᠢᠶᠠᠩ 2024 ᠣᠨ ᠤ ᠲᠣᠰᠬᠤᠨ ᠤ ᠨᠠᠮ ᠤᠨ ᠡᠭᠦᠷ ᠤᠨ ᠱᠦᠵᠢ ᠶᠢᠨ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
   ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠦᠢᠯᠡᠰ ᠢ ᠬᠢᠬᠦ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 8 ᠤ ᠡᠳᠦᠷ᠂ ᠪᠥᠸᠧ ᠯᠢ ᠬᠤ᠋ ᠵᠢᠩ ᠰᠢᠶᠠᠩ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠦ᠋ᠢᠴᠡᠭᠡᠨ︾ ᠤ ᠠᠵᠢᠯᠯᠠᠭ᠎ᠠ ᠥᠷᠨᠢᠭᠦᠯᠵᠦ᠂ ᠰᠢᠶᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠠᠵᠢᠯᠯᠠᠭ᠎ᠠ ᠳᠤ ᠣᠷᠣᠯᠴᠠᠪᠠ᠃    ᠤᠷᠤᠯᠳᠤᠭᠠᠨ ᠤ ᠳᠤᠮᠳᠠ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ︽ᠭᠤᠷᠪᠠᠨ ᠵᠦᠢᠯ ᠤᠨ ᠠᠵᠢᠯ︾᠂ ᠬᠢᠯᠠᠰ ᠴᠡᠭ ᠤᠨ ᠠᠵᠢᠯ ᠵᠡᠷᠭᠡ ᠲᠠᠯ᠎ᠠ ᠪᠠᠷ ᠬᠠᠮᠲᠤ ᠤᠷᠤᠯᠳᠤᠭᠠᠨ ᠳᠤ ᠣᠷᠣᠯᠴᠠᠪᠠ᠃ ︽ᠴᠡᠷᠢᠭ ᠤᠨ ᠮᠥᠷᠦ᠋ᠢᠴᠡᠭᠡᠨ︾ ᠤ ᠠᠬᠤᠢ ᠲᠠᠯᠠᠪᠠᠢ ᠶᠢᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠡᠯ᠎ᠡ ᠲᠣᠰᠬᠤᠨ ᠥᠪᠡᠷ ᠤᠨ ︽ᠬᠢᠷᠢ ᠪᠦᠲᠦᠮᠵᠢ ᠶᠢᠨ ᠬᠠᠭᠤᠳᠠᠰᠤ︾᠂ ︽ᠰᠠᠶᠢᠨ ᠲᠤᠷᠰᠢᠯᠭ᠎ᠠ︾᠂ ᠠᠵᠢᠯ ᠤᠨ ᠰᠡᠳᠬᠢᠴᠡ ᠪᠠᠨ ᠴᠥᠮ ᠢᠯᠡᠷᠡᠭᠦᠯᠵᠦ᠂ ︽ᠴᠡᠷᠢᠭ ᠤᠨ ᠮᠥᠷᠦ᠋ᠢᠴᠡᠭᠡᠨ︾ ᠤ ᠳᠤᠮᠳᠠ ᠡᠯ᠎ᠡ ᠲᠣᠰᠬᠤᠨ ᠵᠥᠷᠢᠶ᠎ᠡ ᠪᠠᠨ ᠡᠷᠢᠵᠦ᠂ ᠬᠠᠷᠢᠯᠴᠠᠨ ᠰᠤᠷᠤᠯᠴᠠᠵᠤ ᠲᠤᠷᠰᠢᠯᠭ᠎ᠠ ᠪᠠᠷ ᠲᠣᠯᠢ ᠪᠣᠯᠭᠠᠪᠠ᠃ ᠳᠠᠷᠠᠭ᠎ᠠ ᠨᠢ᠂ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠥᠸᠧ ᠬᠤ᠋ ᠵᠢᠩ ᠲᠣᠰᠬᠤᠨ ᠤ ᠨᠠᠮ ᠤᠨ ᠡᠭᠦᠷ ᠲᠤ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ ᠰᠤᠷᠤᠯᠴᠠᠪᠠ᠃    ᠵᠠᠯᠭᠠᠭᠠᠳ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠪᠥᠸᠧ ᠯᠢ ᠬᠤ᠋ ᠵᠢᠩ ᠲᠣᠰᠬᠤᠨ ᠤ ᠲᠣᠭᠲᠠᠮᠠᠯ ᠳᠤᠯᠠᠭᠠᠨ ᠤ ᠬᠥᠮᠥᠷᠭᠡ ᠪᠣᠯᠤᠨ ᠰᠢᠯ ᠬᠤ ᠵᠢᠩ ᠰᠢᠶᠠᠩ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠵᠢᠴᠢ ᠲᠡᠵᠢᠭᠡᠯ ᠡᠪᠡᠰᠦ ᠪᠣᠯᠪᠠᠰᠤᠷᠠᠭᠤᠯᠬᠤ ᠦᠢᠯᠡᠳᠪᠦᠷᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠣᠯᠠᠨ ᠢᠶᠠᠷ ᠢᠶᠠᠨ ᠲᠣᠭᠤᠷᠢᠨ ᠦᠵᠡᠬᠦ ᠶᠢᠨ ᠳᠠᠭᠠᠤ ᠰᠤᠷᠤᠯᠴᠠᠵᠤ᠂ ᠦᠵᠡᠬᠦ ᠶᠢᠨ ᠳᠠᠭᠠᠤ ᠶᠠᠷᠢᠯᠴᠠᠵᠤ᠂ ᠰᠣᠯᠢᠯᠴᠠᠭᠠᠨ ᠤ ᠳᠤᠮᠳᠠ ᠬᠠᠷᠢᠯᠴᠠᠨ ᠲᠤᠯᠢ ᠪᠣᠯᠭᠠᠵᠤ ᠬᠠᠷᠢᠯᠴᠠᠨ ᠤᠷᠤᠭᠰᠢᠯᠠᠵᠤ᠂ ᠬᠠᠮᠲᠤᠪᠠᠷ ᠵᠥᠪᠳᠡᠯᠴᠡᠵᠦ ᠬᠠᠮᠲᠤᠪᠠᠷ ᠤᠷᠤᠭᠰᠢᠯᠠᠪᠠ᠃    ᠠᠵᠢᠯᠯᠠᠭ᠎ᠠ ᠶᠢᠨ ᠡᠴᠦᠰ ᠲᠤ᠂ ᠪᠥᠸᠧ ᠯᠢ ᠬᠣ᠋ ᠵᠢᠩ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠸᠠᠩ ᠮᠤᠤ ᠸᠧᠨ ᠲᠣᠰ ᠤᠳᠠᠭᠠᠨ ᠤ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠤ ᠠᠵᠢᠯᠯᠠᠭ᠎ᠠ ᠳᠤ ᠳ᠋ᠦᠩᠨᠡᠯᠲᠡ ᠬᠢᠵᠦ᠂ ᠡᠯ᠎ᠡ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠬᠦ ᠳᠤᠮᠳᠠ ᠣᠯᠤᠭᠰᠠᠨ ᠠᠮᠵᠢᠯᠲᠠ ᠪᠣᠯᠤᠨ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠬᠤ ᠶᠢᠨ ᠬᠠᠮᠲᠤ ᠣᠳᠣᠬᠠᠨ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠣᠯᠤᠨ ᠳᠤᠲᠠᠭᠤᠳᠠᠯ ᠢ ᠵᠢᠭᠠᠵᠤ ᠭᠠᠷᠭᠠᠬᠤ ᠶᠢᠨ ᠬᠠᠮᠲᠤ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠣᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠭᠡᠵᠦ ᠱᠠᠭᠠᠷᠳᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2