ᠱᠠᠩᠳᠤ ᠰᠢᠶᠠᠨ 2024 ᠣᠨ ᠤ ᠢᠯᠡ ᠪᠠᠷ ᠪᠠᠭᠰᠢ ᠠᠵᠢᠯᠲᠠᠨ ᠡᠯᠰᠡᠬᠦ ᠨᠢᠭᠤᠷᠲᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/11
  ᠱᠠᠩᠳᠤ ᠰᠢᠶᠠᠨ ᠤ 2024 ᠣᠨ ᠤ ᠢᠯᠡ ᠪᠠᠷ ᠪᠠᠭᠰᠢ ᠠᠵᠢᠯᠲᠠᠨ ᠡᠯᠰᠡᠬᠦ ᠨᠢᠭᠤᠷᠲᠠᠨ ᠰᠢᠯᠭᠠᠬᠤ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 10 ᠤ ᠡᠳᠦᠷ᠂ ᠮᠠᠨ ᠤ ᠰᠢᠶᠠᠨ ᠢᠯᠡ ᠪᠠᠷ ᠪᠠᠭᠰᠢ ᠠᠵᠢᠯᠲᠠᠨ ᠡᠯᠰᠡᠬᠦ ᠨᠢᠭᠤᠷᠲᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ︽ᠱᠠᠩᠳᠤ ᠰᠢᠶᠠᠨ ᠤ 2024 ᠣᠨ ᠤ ᠢᠯᠡ ᠪᠠᠷ ᠪᠠᠭᠰᠢ ᠠᠵᠢᠯᠲᠠᠨ ᠡᠯᠰᠡᠬᠦ ᠨᠢᠭᠤᠷᠳᠠᠯ ᠰᠢᠯᠭᠠᠯᠲᠠ ᠶᠢᠨ ᠠᠵᠢᠯ ᠤᠨ ᠲᠥᠰᠦᠯ︾ ᠳᠤ ᠲᠠᠶᠢᠯᠤᠮᠵᠢ ᠬᠢᠵᠦ᠂ ︽ᠱᠠᠩᠳᠤ ᠰᠢᠶᠠᠨ ᠤ 2024 ᠣᠨ ᠤ ᠢᠯᠡ ᠪᠠᠷ ᠪᠠᠭᠰᠢ ᠠᠵᠢᠯᠲᠠᠨ ᠡᠯᠰᠡᠬᠦ ᠨᠢᠭᠤᠷᠳᠠᠯ ᠰᠢᠯᠭᠠᠯᠲᠠ ᠶᠢᠨ ᠨᠠᠷᠢᠨ ᠲᠦᠷᠢᠮ︾ ᠢ ᠰᠤᠳᠤᠯᠤᠨ ᠵᠠᠰᠠᠪᠠ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠪᠠᠭᠰᠢ ᠠᠵᠢᠯᠳᠠᠨ ᠤ ᠢᠯᠡ ᠪᠠᠷ ᠤᠷᠢᠵᠤ ᠨᠢᠭᠤᠷᠳᠠᠨ ᠰᠢᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠭᠤᠣᠯᠴᠢ ᠪᠠᠷ ᠠᠵᠢᠯᠯᠠᠵᠤ᠂ ᠵᠠᠶᠢᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠭᠰᠢ ᠶᠢᠨ ᠢᠯᠡ ᠪᠠᠷ ᠤᠷᠢᠵᠤ ᠡᠯᠰᠡᠬᠦ ᠨᠢᠭᠤᠷᠲᠠᠨ ᠰᠢᠯᠭᠠᠯᠲᠠ ᠶᠢᠨ ᠢᠯᠡ ᠲᠣᠳᠣ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠢᠯᠭᠠᠯᠲᠠ ᠶᠢᠨ ᠶᠠᠪᠤᠳᠠᠯ ᠤᠨ ᠠᠵᠢᠯᠲᠠᠨ ᠤ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠰᠢᠯᠭᠠᠯᠲᠠ ᠶᠢᠨ ᠠᠵᠢᠯ ᠤᠨ ᠳᠡᠰ ᠳᠠᠷᠠᠭᠠᠯᠠᠯ ᠤᠨ ᠠᠵᠢᠯᠯᠠᠭᠠᠨ ᠤ ᠵᠢᠷᠤᠮᠵᠢᠯ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠤᠷᠲᠠᠨ ᠰᠢᠯᠭᠠᠭᠤᠯᠬᠤ ᠳᠤ ᠣᠷᠣᠯᠴᠠᠭᠰᠠᠨ ᠠᠵᠢᠯᠲᠠᠳ ᠦᠢᠯᠡᠴᠢᠯᠡᠭᠡᠨ ᠤ ᠦᠵᠡᠯ ᠤᠬᠠᠮᠰᠠᠷ ᠢ ᠪᠤᠢ ᠪᠣᠯᠭᠠᠵᠤ᠂ ᠰᠢᠯᠭᠠᠭᠤᠯᠤᠭᠴᠢ ᠳᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠬᠠᠩᠭᠠᠵᠤ᠂ ᠰᠢᠯᠢᠳᠡᠭ ᠪᠠᠭᠰᠢ ᠶᠢ ᠰᠣᠩᠭᠤᠨ ᠭᠠᠷᠭᠠᠵᠤ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠬᠤ ᠶᠢ ᠪᠠᠲᠤᠯᠠᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2