ᠱᠠᠩᠳᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠤᠨ ᠪᠥᠬᠦ ᠬᠡᠯᠬᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠥᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/7/11
  ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄    ︽ᠱᠠᠩᠳᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    2024 ᠣᠨ ᠤ 6 ᠰᠠᠷ᠎ᠠ ᠶᠢᠨ 5 ᠤ ᠡᠳᠦᠷ    ︵ᠲᠤᠰ ᠲᠣᠨᠤᠭ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ︶    ᠱᠠᠩᠳᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠪᠠ    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠰᠦᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠠᠶᠤᠯ ᠲᠦᠭᠰᠢᠭᠦᠷᠢ ᠶᠢᠨ ᠬᠡᠮ ᠰᠣᠭᠤᠭ ᠪᠠ ᠪᠠᠭᠤᠷᠠᠶ ᠲᠠᠯ᠎ᠠ ᠶᠢ ᠭᠦᠨᠵᠡᠭᠡᠶ ᠡᠷᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠬᠦᠴᠦᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠪᠤᠰᠤ ᠪᠠᠷ ᠪᠣᠷᠣᠯᠠᠭᠤᠯᠬᠤ᠂ ᠥᠭᠡᠷᠡᠴᠢᠯᠡᠨ ᠤᠭᠰᠠᠷᠠᠬᠤ ᠳᠤ ᠬᠢᠨᠠᠯᠲᠠ ᠲᠠᠯᠪᠢᠵᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ᠂ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠪᠥᠭᠯᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠬᠤ ᠲᠠᠯ᠎ᠠ ᠪᠠᠷ ᠦᠷ᠎ᠡ ᠪᠦᠲᠦᠮᠵᠢ ᠣᠯᠵᠤ᠂ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠡᠷᠡᠭᠯᠡᠭᠡᠨ ᠠᠴᠠ ᠭᠠᠷᠭᠠᠵᠤ ᠡᠭᠡᠭᠦᠯᠦᠨ ᠬᠤᠷᠢᠶᠠᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠣᠯᠴᠢᠯᠠᠨ ᠬᠠᠮᠢᠶᠠᠷᠪᠠᠯ ᠬᠡᠨ ᠲᠦᠷᠦᠭᠦᠯᠡᠬᠦ᠂ ᠬᠡᠨ ᠭᠤᠣᠯ ᠪᠣᠯᠪᠠᠯ ᠬᠡᠨ ᠲᠦᠷᠦᠭᠦᠯᠡᠬᠦ᠂ ᠬᠡᠨ ᠣᠶᠢᠷᠠᠳᠪᠠᠯ ᠬᠡᠨ ᠲᠦᠷᠦᠭᠦᠯᠡᠬᠦ︾ ᠵᠠᠷᠴᠢᠮ ᠶᠣᠰᠣᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ᠂ ᠭᠦᠢᠯᠭᠡᠭᠡᠨ ᠪᠣᠷᠣᠯᠠᠭᠤᠯᠬᠤ᠂ ᠵᠠᠮ ᠨᠡᠪᠲᠡᠷᠡᠯᠭᠡ ᠶᠢᠨ ᠡᠮᠬᠢ ᠵᠢᠷᠤᠮ᠂ ᠵᠣᠭᠰᠤᠭᠠᠵᠤ ᠴᠠᠬᠢᠯᠭᠠᠨ ᠴᠡᠨᠡᠭᠯᠡᠬᠦ᠂ ᠰᠠᠯᠭᠠᠵᠤ ᠡᠭᠡᠭᠦᠯᠦᠨ ᠬᠤᠷᠢᠶᠠᠬᠤ ᠵᠡᠷᠭᠡ ᠵᠠᠩᠭᠢᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ 2024 ᠣᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠠᠳᠡᠯ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠵᠦ᠂ ᠬᠦᠨᠳᠦ ᠣᠨᠴᠠ ᠶᠡᠭᠡ ᠭᠠᠯ ᠤᠨ ᠭᠠᠮᠰᠢᠭ ᠤᠨ ᠠᠳᠡᠯ ᠢ ᠡᠷᠡᠰ ᠬᠤᠷᠢᠭᠯᠠᠪᠠ︔ 2025 ᠣᠨ ᠳᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠦᠯᠡᠳᠡᠭᠡᠯ ᠲᠦᠭᠰᠢᠭᠦᠷᠢ ᠶᠢ ᠪᠠᠭᠠᠰᠬᠠᠨ᠂ ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃    ᠬᠤᠶᠠᠷ᠂ ᠠᠵᠢᠯ ᠤᠨ ᠠᠯᠬᠤᠮ ᠳᠠᠷᠠᠭ᠎ᠠ    ︵ᠨᠢᠭᠡ᠂ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠱᠠᠲᠤ ᠦᠶ᠎ᠡ ︵2024 ᠣᠨ ᠤ 5 ᠰᠠᠷ᠎ᠠ ᠶᠢᠨ 20 ᠤ ᠡᠳᠦᠷ ᠠᠴᠠ ᠡᠮᠦᠨ᠎ᠡ︶ ︽ᠵᠠ︾ ᠭᠡᠳ ᠡᠯ᠎ᠡ ᠰᠠᠯᠠᠭ᠎ᠠ ᠮᠥᠴᠢᠷ ᠤᠳ ᠳᠠᠶᠢᠴᠢᠯᠠᠨ ᠪᠠᠶᠢᠷᠢᠯᠠᠭᠤᠯᠬᠤ ᠬᠤᠷᠠᠯ ᠪᠤᠶᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯᠯᠠᠭᠠᠨ ᠤ ᠲᠥᠰᠦᠯ ᠢᠶᠠᠨ ᠨᠠᠷᠢᠯᠢᠬᠵᠢᠭᠤᠯᠵᠤ᠂ ᠴᠡᠭᠴᠡᠯᠡᠨ ᠵᠠᠰᠠᠬᠤ ᠬᠡᠪᠴᠢᠶ᠎ᠡ᠂ ᠴᠡᠭᠴᠡᠯᠡᠨ ᠵᠠᠰᠠᠬᠤ ᠭᠤᠤᠯᠳᠠᠯᠭ᠎ᠠ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠢᠷᠤᠭ ᠡᠯᠭᠦᠨ ᠪᠠᠶᠢᠯᠳᠤᠵᠤ᠂ ᠲᠠᠰ ᠳᠠᠷᠠᠭᠠᠯᠠᠨ ᠠᠬᠢᠭᠤᠯᠵᠤ᠂ ᠰᠢᠶᠠᠨ ᠤ ᠱᠠᠲᠤᠨ ᠤ ᠵᠣᠬᠢᠴᠠᠯᠳᠤᠭᠰᠠᠨ ᠠᠵᠢᠯ ᠤᠨ ᠲᠣᠭᠲᠠᠴᠠ ᠶᠢ ᠪᠣᠶ ᠪᠣᠯᠭᠠᠵᠤ᠂ ᠡᠯ᠎ᠡ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ ᠲᠤ᠂ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠱᠠᠲᠤ ︵2024 ᠣᠨ ᠤ 5 ᠰᠠᠷ᠎ᠠ ᠶᠢᠨ 20 ᠤ ᠡᠳᠦᠷ ᠠᠴᠠ 2025 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠃︶ ︽ᠵᠠ︾ ᠭᠡᠳ ᠡᠯ᠎ᠡ ᠰᠠᠯᠠᠭ᠎ᠠ ᠮᠥᠴᠢᠷ ᠤᠳ ᠰᠢᠶᠠᠩ ᠪᠠᠯᠭᠠᠰᠤ ᠪᠠᠷ ᠨᠢᠭᠡᠴᠢ ᠪᠣᠯᠭᠠᠵᠤ᠂ ᠴᠡᠭᠴᠡᠯᠡᠨ ᠵᠠᠰᠠᠬᠤ ᠶᠢᠨ ᠬᠦᠴᠢᠷ ᠲᠦᠪᠡᠭᠲᠡᠶ ᠬᠡᠮᠵᠢᠶ᠎ᠡ ᠶᠣᠰᠣᠭᠠᠷ᠂ ᠣᠨ ᠤ ᠲᠥᠯᠥᠪᠯᠡᠭᠡ ᠪᠠᠨ ᠲᠥᠷᠥᠯ ᠬᠤᠪᠢᠶᠠᠨ ᠲᠣᠭᠲᠠᠭᠠᠵᠤ᠂ ᠴᠡᠭᠴᠡᠯᠡᠨ ᠵᠠᠰᠠᠬᠤ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠢᠯ ᠳᠠᠷᠠᠭᠠᠯᠠᠨ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠨ ᠢ ᠭᠦᠢᠴᠡᠳ ᠳᠠᠶᠢᠴᠢᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠲᠥᠷᠥᠯ ᠪᠦᠯᠦᠭ ᠬᠤᠪᠢᠶᠠᠨ ᠥᠷᠨᠢᠭᠦᠯᠵᠦ᠂ ᠪᠠᠶᠢᠴᠠᠭᠠᠯᠲᠠ ᠶᠢᠨ ᠭᠤᠤᠯᠳᠠᠯᠭ᠎ᠠ ᠪᠠ ᠠᠵᠢᠯ ᠤᠨ ᠠᠷᠭ᠎ᠠ ᠶᠢ ᠲᠣᠳᠣᠷᠬᠠᠶ ᠶᠠᠷᠢᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠶ᠋ᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃    ︵ᠭᠤᠷᠪᠠ︶ ᠰᠢᠯᠭᠠᠨ ᠠᠪᠴᠤ ᠦᠨᠡᠯᠡᠨ ᠵᠢᠱᠢᠬᠦ ︵2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ ︽ᠵᠠ︾ ᠭᠡᠳ ᠴᠡᠭᠴᠡᠯᠡᠨ ᠵᠠᠰᠠᠬᠤ ᠶᠢᠨ ᠳᠠᠭᠠᠤ ᠪᠠᠶᠢᠴᠠᠭᠠᠨ ᠰᠤᠳᠤᠯᠤᠯᠲᠠ ᠬᠢᠵᠦ᠂ ᠨᠢᠭᠡ ᠲᠠᠯ᠎ᠠ ᠪᠠᠷ ᠳ᠋ᠦᠩᠨᠡᠬᠦ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠲᠦᠭᠡᠮᠡᠯ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠰᠠᠭᠤᠳᠠᠯ ᠢ ᠡᠮᠬᠢᠯᠡᠨ ᠰᠤᠳᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠤᠨ ︽ᠪᠥᠬᠦ ᠬᠡᠯᠬᠢᠶ᠎ᠡ︾ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ︵ᠳᠣᠷᠣᠭᠰᠢ ᠠᠵᠢᠯ ᠤᠨ ᠲᠤᠰᠬᠠᠶ ᠠᠩᠭᠢ ᠭᠡᠵᠦ ᠲᠣᠪᠴᠢᠯᠠᠨ᠎ᠠ︶ ᠶᠢ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠥᠮᠦᠨ ᠴᠤᠭᠯᠠᠭᠤᠯᠬᠤ ᠶᠢᠨ ᠲᠥᠯᠥᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠳᠡᠳ᠋ ᠬᠤᠷᠠᠯᠳᠤᠭᠤᠯᠤᠭᠴᠢ ᠶᠢᠨ ᠨᠢᠭᠡᠴᠢ ᠪᠣᠯᠭᠠᠵᠤ᠂ ᠪᠦᠷᠢᠯᠳᠦᠬᠦᠨ ᠨᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠱᠠᠩᠳᠤ ᠰᠢᠶᠠᠨ ᠤ ᠬᠤᠪᠢᠶᠠᠷᠢ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠨ᠎ᠡ᠃ ᠠᠵᠢᠯ ᠤᠨ ᠲᠤᠰᠬᠠᠶ ᠠᠩᠭᠢ ᠶᠢᠨ ᠠᠯᠪᠠᠨ ᠭᠡᠷ ᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠲᠣᠬᠢᠷᠠᠭᠤᠯᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠬᠥᠮᠦᠨ ᠲᠣᠮᠢᠯᠠᠨ ᠲᠤᠰᠬᠠᠶ ᠠᠩᠭᠢ ᠶᠢᠨ ᠠᠵᠢᠯ ᠳᠤ ᠣᠷᠣᠯᠴᠠᠭᠤᠯᠬᠤ ᠬᠡᠷᠡᠭᠲᠡᠶ᠃    ᠵᠣᠬᠢᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠢ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠨᠢ ᠤᠳᠠᠭᠠᠨ᠂ ᠬᠠᠷᠢᠯᠴᠠᠨ ᠲᠦᠯᠬᠢᠯᠴᠡᠭᠰᠡᠨ ᠪᠠᠶᠢᠪᠠᠯ᠂ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠨ᠎ᠠ᠃ ᠴᠡᠭᠴᠡᠯᠡᠨ ᠵᠠᠰᠠᠬᠤ ᠠᠵᠢᠯ ᠢ ᠣᠨ ᠤ ᠠᠶᠤᠯ ᠥᠬᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠰᠢᠯᠭᠠᠨ ᠬᠢᠨᠠᠵᠤ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠤᠯᠪᠣᠭᠳᠠᠯ ᠪᠥᠬᠦᠶ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢ ᠵᠣᠭᠰᠣᠭᠠᠬᠤ ᠵᠡᠷᠭᠡ ᠦᠶ᠋ᠯᠡ ᠠᠵᠢᠯᠯᠠᠭ᠎ᠠ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠭᠤᠤᠯ ᠴᠣᠭᠴᠠ᠂ ᠬᠠᠤᠯᠢ ᠬᠡᠷᠡᠭᠵᠢᠭᠦᠯᠬᠦ ᠡᠷᠬᠡ ᠮᠡᠳᠡᠯ᠂ ᠬᠠᠤᠯᠢ ᠬᠡᠷᠡᠭᠵᠢᠭᠦᠯᠬᠦ ᠦᠨᠳᠦᠰᠦᠯᠡᠯ ᠪᠠ ᠪᠠᠷᠢᠮᠵᠢᠶ᠎ᠠ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠬᠤ ᠬᠡᠷᠡᠭᠲᠡᠶ᠃ ᠮᠠᠨ ᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠶᠢ ᠲᠦᠷᠭᠡᠬᠡᠨ ᠨᠡᠶᠢᠲᠡᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠵᠤ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠰᠠᠨᠠᠭᠤᠯᠤᠮᠵᠢ᠂ ᠭᠠᠯ ᠤᠨ ᠠᠶᠤᠯ ᠤᠨ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠪᠠ ᠬᠠᠶᠠᠭᠳᠠᠮᠠᠯ ᠳ᠋ᠢᠶᠠᠨ ᡂᠢ ᠶᠢ ᠵᠢᠷᠤᠮᠵᠢᠭᠤᠯᠤᠨ ᠡᠭᠡᠭᠦᠯᠦᠨ ᠬᠤᠷᠢᠶᠠᠬᠤ ᠶᠢ ᠴᠢᠩᠭᠠᠳᠬᠠᠵᠤ᠂ ︽ᠭᠠᠷ ᠭᠠᠷ ᠢᠶᠠᠨ ᠬᠤᠯᠪᠣᠯᠴᠠᠬᠤ︾ ᠤᠬᠠᠭᠤᠯᠭ᠎ᠠ ᠶᠢᠨ ᠦᠢᠯᠡᠳᠦᠯ ᠢ ᠪᠠᠳᠠᠷᠠᠭᠤᠯᠤᠨ᠂ ᠶᠡᠷᠦᠩᠬᠡᠶᠢᠯᠡᠨ ᠵᠠᠰᠠᠬᠤ᠂ ᠬᠡᠯᠬᠢᠶ᠎ᠡ ᠪᠠᠨ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠬᠥᠮᠦᠨ ᠠᠳᠡᠭᠰᠡᠨ ᠭᠠᠯ ᠤᠨ ᠠᠶᠤᠯ ᠤᠨ ᠠᠳᠡᠯ ᠢ ᠪᠠᠭᠠᠰᠬᠠᠵᠤ᠂ ᠬᠦᠨᠳᠦ ᠣᠨᠴᠠ ᠶᠡᠭᠡ ᠢᠯᠠᠩᠭᠤᠶ᠎ᠠ ᠣᠯᠠᠨ ᠬᠥᠮᠥᠨ ᠦᠬᠦᠵᠦ ᠰᠢᠷᠬᠠᠲᠤᠭᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠠᠳᠡᠯ ᠭᠠᠷᠬᠤ ᠦᠭᠡᠢ᠃    ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ 2024 ᠣᠨ ᠤ 6 ᠳ᠋ᠤᠭᠠᠷ ᠰᠠᠷ᠎ᠠ ᠶᠢᠨ 5 ᠤ ᠡᠳᠦᠷ ᠠᠴᠠ ᠡᠮᠦᠨ᠎ᠡ ᠲᠣᠰ ᠰᠠᠯᠠᠭ᠎ᠠ ᠮᠥᠴᠢᠷ ᠤᠨ ᠢᠶᠠᠨ ᠬᠡᠷᠡᠭᠵᠢᠭᠦᠯᠬᠦ ᠲᠥᠰᠦᠯ ᠢᠶᠠᠨ ᠠᠵᠢᠯ ᠤᠨ ᠲᠤᠰᠬᠠᠶ ᠠᠩᠭᠢ ᠳᠤ ᠮᠡᠳᠡᠭᠦᠯᠵᠦ᠂ 2024 ᠣᠨ ᠤ 6 ᠳ᠋ᠤᠭᠠᠷ ᠰᠠᠷ᠎ᠠ ᠠᠴᠠ ᠡᠬᠢᠯᠡᠨ ᠰᠠᠷ᠎ᠠ ᠪᠦᠷᠢ ᠶᠢᠨ 19 ᠤ ᠡᠳᠦᠷ ᠠᠴᠠ ᠡᠮᠦᠨ᠎ᠡ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠬᠠᠷᠢᠯᠴᠠᠬᠤ ᠤᠲᠠᠰᠤ᠄ 0474-6816119᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2