ᠦᠰᠦᠭ ᠲᠠᠶᠢᠯᠣᠮᠵᠢ᠄  ︽ᠱᠠᠩᠳᠤ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/11
    ᠨᠢᠭᠡ᠂ ᠲᠣᠭᠲᠠᠭᠠᠭᠰᠠᠨ ᠠᠬᠤᠶ ᠪᠠᠶᠢᠳᠠᠯ    ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠰᠦᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠠᠶᠤᠯ ᠲᠦᠭᠰᠢᠭᠦᠷᠢ ᠶᠢᠨ ᠬᠡᠮ ᠰᠣᠭᠤᠭ ᠪᠠ ᠪᠠᠭᠤᠷᠠᠶ ᠲᠠᠯ᠎ᠠ ᠶᠢ ᠭᠦᠨᠵᠡᠭᠡᠶ ᠡᠷᠢᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ᠲᠣᠰ ︽ᠲᠥᠰᠦᠯ︾ ᠳᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠪᠠᠷᠢᠮᠵᠢᠶ᠎ᠠ ᠲᠡᠭᠦᠯᠳᠡᠷ ᠪᠤᠰᠤ᠂ ᠠᠯᠪᠠᠳᠠᠯᠭ᠎ᠠ ᠶᠢᠨ ᠴᠢᠨᠠᠷᠲᠠᠶ ᠬᠦᠷᠦᠯᠴᠡᠬᠦ ᠥᠬᠡᠶ ᠪᠠᠶᠢᠬᠤ ᠠᠰᠠᠭᠤᠳᠠᠯ ᠂ ᠪᠡᠯᠡᠳᠬᠡᠮᠵᠢ ᠬᠦᠷᠦᠯᠴᠡᠬᠦ ᠥᠬᠡᠶ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢ ᠵᠣᠭᠰᠣᠭᠠᠭᠰᠠᠨ ᠠᠰᠠᠭᠤᠳᠠᠯ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠢ ᠣᠯᠠᠨᠲᠠ ᠴᠠᠭᠠᠵᠠᠯᠠᠪᠠᠴᠤ ᠵᠣᠭᠰᠣᠬᠤ ᠥᠬᠡᠶ ᠪᠠᠶᠢᠬᠤ ᠠᠰᠠᠭᠤᠳᠠᠯ᠂ ᠬᠠᠤᠯᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠵᠦ ᠪᠣᠷᠣᠯᠠᠭᠤᠯᠬᠤ ᠠᠰᠠᠭᠤᠳᠠᠯ᠂ ᠬᠠᠭᠤᠴᠢᠨ ᠴᠠᠬᠢᠯᠭᠠᠨ ᠬᠤᠷᠢᠶᠠᠭᠤᠷ ᠢ ᠬᠡᠷᠡᠭᠯᠡᠭᠡᠨ ᠠᠴᠠ ᠭᠠᠷᠭᠠᠵᠤ ᠡᠭᠡᠭᠦᠯᠦᠨ ᠬᠤᠷᠢᠶᠠᠬᠤ ᠠᠰᠠᠭᠤᠳᠠᠯ᠂ ᠡᠬᠢ ᠡᠭᠦᠰᠦᠯ ᠠᠴᠠ ᠨᠢ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃    2024 ᠣᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠨ᠎ᠠ᠃ 2025 ᠣᠨ ᠳᠤ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠦᠯᠡᠳᠡᠭᠡᠯ ᠲᠦᠭᠰᠢᠭᠦᠷᠢ ᠶᠢ ᠪᠠᠭᠠᠰᠬᠠᠨ᠂ ᠨᠡᠮᠡᠭᠳᠡᠯ ᠤᠨ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃    ᠲᠣᠰ ︽ᠲᠥᠰᠦᠯ︾ ᠢ ᠬᠡᠷᠡᠭᠵᠢᠭᠦᠯᠦᠭᠰᠡᠨ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠪᠤᠰᠤ ᠪᠠᠷ ᠪᠣᠷᠣᠯᠠᠭᠤᠯᠬᠤ᠂ ᠥᠭᠡᠷᠡᠴᠢᠯᠡᠨ ᠤᠭᠰᠠᠷᠠᠬᠤ ᠳᠤ ᠬᠢᠨᠠᠯᠲᠠ ᠲᠠᠯᠪᠢᠵᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠪᠥᠭᠯᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠴᠢᠳᠠᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2