ᠱᠠᠩᠳᠤ ᠰᠢᠶᠠᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠵᠠᠷᠯᠠᠯ
ᠨᠡᠶᠢᠲᠡᠯᠡᠭᠰᠡᠨ ᠴᠠᠭ᠄
2024/7/11
  ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ﹇2012﹈ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠱᠠᠩᠳᠤ ᠰᠢᠶᠠᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠤᠬᠠᠶ ᠳᠣᠤᠷᠠᠬᠢ ᠮᠡᠲᠦ ᠵᠠᠷᠯᠠᠶ᠎ᠠ᠄    ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ    1. ᠲᠥᠷᠥᠯ ᠵᠦᠢᠯ ᠤᠨ ᠨᠡᠷᠡᠶᠢᠳᠦᠯ᠄ ᠱᠠᠩᠳᠤ ᠰᠢᠶᠠᠨ ᠤ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃    2. ᠪᠥᠲᠥᠭᠡᠨ ᠪᠠᠶᠢᠭᠤᠯᠬᠤ ᠭᠠᠵᠠᠷ᠄ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠴᠢ ᠲᠠᠢ ᠪᠠᠯᠭᠠᠰᠤᠨ ᠤ ᠶᠠᠩ ᠵᠢᠶᠠ ᠲᠣᠰᠬᠤᠨ᠃    3. ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄    ᠲᠣᠰ ᠲᠥᠷᠥᠯ ᠵᠦᠢᠯ ᠤᠨ ᠲᠥᠯᠥᠪᠯᠡᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ 824.5735 ᠮᠥ ᠪᠠᠶᠢᠵᠤ᠂ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠶᠡᠷᠦᠩᠬᠡᠶ ᠬᠡᠪᠴᠢᠶ᠎ᠡ ᠨᠢ 32.17MW ᠪᠣᠯᠤᠨ᠎ᠠ᠃ ᠪᠥᠲᠥᠭᠡᠨ ᠪᠠᠶᠢᠭᠤᠯᠬᠤ ᠠᠭᠤᠯᠭ᠎ᠠ ᠳᠤ ᠬᠡᠷᠡᠯ ᠴᠡᠨᠡᠭ ᠤᠨ ᠵᠢᠭᠰᠠᠭᠠᠯ ᠤᠨ ᠲᠥᠬᠦᠭᠡᠷᠦᠮᠵᠢ ᠶᠢᠨ ᠰᠠᠭᠤᠷᠢ᠂ ᠲᠤᠯᠭᠠᠭᠤᠷ ᠵᠢᠶᠠᠰᠠ᠂ ᠬᠦᠷᠢᠶ᠎ᠡ ᠬᠠᠰᠢᠶ᠎ᠠ ᠵᠡᠷᠭᠡ ᠰᠢᠷᠣᠶ ᠪᠠᠷᠢᠬᠤ ᠪᠠᠷᠢᠯᠭ᠎ᠠ ᠵᠢᠴᠢ ᠬᠡᠷᠡᠯ ᠴᠡᠨᠡᠭ ᠤᠨ ᠲᠣᠨᠣᠭᠯᠠᠭᠠᠰᠤ᠂ ᠰᠥᠷᠭᠡᠦ ᠬᠤᠪᠢᠷᠠᠭᠠᠭᠤᠷ᠂ ᠬᠦᠴᠦᠳᠡᠯ ᠥᠭᠡᠷᠡᠴᠢᠯᠡᠭᠴᠢ᠂ ᠪᠣᠭᠤᠮᠲᠠ ᠨᠡᠭᠡᠭᠡᠬᠦ ᠥᠷᠲᠡᠭᠡ ᠵᠡᠷᠭᠡ ᠲᠥᠬᠦᠭᠡᠷᠦᠮᠵᠢ ᠶᠢᠨ ᠢᠨᠵᠧᠨᠧᠷᠢᠩ ᠪᠠᠭᠲᠠᠨ᠎ᠠ᠃    4᠂ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ᠄ 2024/07 - 2024/12    5. ᠶᠡᠷᠦᠩᠬᠡᠶ ᠪᠠᠯᠠ ᠣᠷᠣᠭᠤᠯᠤᠯᠲᠠ᠄ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 11259.5 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ 8884.5 ᠲᠦᠮᠡᠨ ᠲᠥᠭᠦᠷᠢᠭ᠂ ᠲᠣᠰᠬᠤᠨ ᠤ ᠬᠠᠮᠲᠤ ᠶᠢᠨ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ 2375 ᠲᠦᠮᠡᠨ ᠲᠥᠭᠦᠷᠢᠭ ᠪᠣᠯᠤᠨ᠎ᠠ᠃    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ ᠵᠢᠴᠢ ᠬᠤᠭᠤᠴᠠᠭ᠎ᠠ ᠬᠢᠵᠠᠭᠠᠷ    ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄    1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠨᠳᠤᠬᠤ ᠣᠪᠣᠷ︔    2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠡᠭᠦᠰᠬᠦ ᠪᠣᠯᠤᠯᠴᠠᠭ᠎ᠠ ᠲᠠᠢ︔    3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠤᠰᠤᠳ ᠰᠠᠨᠠᠯ ᠪᠠ ᠰᠠᠨᠠᠭᠤᠯᠭ᠎ᠠ︔    ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠢᠯᠡ ᠨᠡᠶᠢᠲᠡᠯᠡᠵᠦ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃    ᠭᠤᠷᠪᠠ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ ᠮᠠᠶ᠋ᠢᠭ    1. ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠱᠠᠩᠳᠤ ᠰᠢᠶᠠᠨ ᠤ ᠢ ᠱᠠᠩ ᠲᠠᠷᠢᠶᠠᠯᠠᠩ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠯᠴᠠᠬᠤ ᠬᠥᠮᠦᠨ᠄ ᠷᠧᠨ ᡁᠢ ᠮᠢᠨ ︵1319065700︶    ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠴᠢ ᠲᠠᠢ ᠪᠠᠯᠭᠠᠰᠤᠨ ᠤ ᠰᠢᠨ ᠹᠧᠩ ᠵᠡᠭᠦᠨ ᠵᠠᠮ ︵ᠤᠤᠯ ᠤᠨ ᠡᠷᠡᠭᠦᠯ ᠬᠠᠮᠠᠭᠠᠯᠠᠯ ᠤᠨ ᠲᠣᠪᠴᠢᠶ᠎ᠠ ᠶᠢᠨ ᠠᠯᠪᠠᠨ ᠠᠰᠠᠷ ᠤᠨ ᠭᠤᠷᠪᠠᠳᠤᠭᠠᠷ ᠳᠠᠪᠬᠤᠷ︶    2. ᠦᠨᠡᠯᠡᠨ ᠵᠢᠱᠢᠬᠦ ᠪᠠᠶᠢᠭᠤᠯᠤᠮᠵᠢ᠄ ᠢ ᠲᠧ ᠯᠢ ᠢᠨᠵᠧᠨᠧᠷᠢᠩ ᠤᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠯᠴᠠᠬᠤ ᠬᠥᠮᠦᠨ᠄ ᠲᠢᠶᠠᠨ ᠯᠸᠢ ︵155483630︶    ᠰᠢᠤᠳᠠᠨ ᠬᠠᠶᠢᠷᠴᠠᠭ᠄ 18698441246@163.com    ᠱᠠᠩᠳᠤ ᠱᠢᠶᠠᠨ ᠶᠢᠨ ᠢ ᠱᠠᠩ ᠨᠦᠩ ᠯᠢᠦᠢ ᠬᠥᠭᠵᠢᠯᠲᠡ ᠶᠢᠨ ᠬᠢᠵᠠᠭᠠᠷᠲᠤ ᠺᠣᠮᠫᠠᠨᠢ    2024 ᠣᠨ ᠤ 7 ᠰᠠᠷ᠎ᠠ ᠶᠢᠨ 10 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2