ᠨᠠᠮ ᠤᠨ ᠭᠡᠰᠢᠭᠦᠨ ᠤᠯᠠᠨ ᠲᠦᠮᠡᠨ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠨᠡᠩ ᠰᠢᠭᠤᠳ ᠨᠡᠩ | ᠳᠥᠭᠦᠮ ᠳᠥᠲᠡ ᠣᠶᠢᠯᠠᠭᠠᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠪᠥᠸᠧ ᠯᠢ ᠬᠤ᠋ ᠵᠢᠩ | ᠰᠢᠶᠠᠩ ᠤᠨ ᠬᠤᠯᠪᠣᠭ᠎ᠠ ᠠᠪᠬᠤ ᠲᠠᠰᠤᠭ ᠦᠷᠳᠡᠭᠡ ᠳᠤ ᠰᠠᠭᠤᠭ᠎ᠠ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠡᠯ᠎ᠡ | ᠲᠣᠰᠬᠤᠨ ᠳᠤ ᠢᠳᠡᠪᠬᠢᠲᠡᠢ ᠬᠦᠷᠴᠦ ᠲᠣᠰᠬᠤᠨ ᠤ ᠺᠠᠳ᠋ᠷ᠂ ᠨᠠᠮ ᠤᠨ ᠭᠡᠰᠢᠭᠦᠨ ᠤᠯᠠᠨ ᠲᠦᠮᠡᠨ ᠢ ᠵᠢᠯᠣᠭᠤᠳᠤᠨ ︽ | ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ︾ ᠸᠢᠴᠠᠲ ᠤᠨ ᠵᠢᠵᠢᠭ ᠫᠷᠤᠭ᠍ᠷᠠᠮ ᠢ ᠬᠡᠷᠡᠭᠯᠡᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠰᠢᠭᠯᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ | ᠨᠠᠮ ᠤᠨ ᠭᠡᠰᠢᠭᠦᠨ ᠤᠯᠠᠨ ᠲᠦᠮᠡᠨ ᠳᠤ ᠠᠵᠢᠯᠯᠠᠭᠠᠨ ᠤ ᠠᠯᠬᠤᠮ ᠳᠠᠷᠠᠭ᠎ᠠ ᠵᠢᠴᠢ ᠪᠣᠳᠠᠲᠠᠢ ᠠᠭᠤᠯᠭ᠎ᠠ ᠶᠢ ᠭᠦᠨᠵᠡᠭᠡᠢ | ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ | ᠴᠤᠭᠯᠠᠭᠤᠯᠤᠨ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠭᠰᠡᠨ ᠪᠥᠭᠡᠳ ︽ᠤᠮᠠᠷᠠᠲᠤ ᠬᠢᠯᠢ ᠶᠢᠨ ᠠᠷᠠᠳ ᠤᠨ | ᠰᠡᠳᠬᠢᠯ ᠤᠨ ᠬᠥᠭᠦᠷᠭᠡ︾ ᠸᠢᠴᠠᠲ ᠤᠨ ᠵᠢᠵᠢᠭ ᠫᠷᠤᠭ᠍ᠷᠠᠮ ᠢ ᠳᠠᠩᠰᠠᠯᠠᠬᠤ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠲᠥᠯᠥᠭᠡᠯᠡᠭᠴᠢ ᠭᠡᠰᠢᠭᠦᠳ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠵᠢᠷᠤᠮᠵᠢᠭᠤᠯᠤᠨ ᠬᠡᠷᠡᠭᠯᠡᠵᠦ᠂ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠰᠢᠨ᠎ᠡ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠳᠠᠮᠵᠢᠭᠤᠯᠵᠤ᠂ ᠨᠠᠮ ᠤᠨ ᠭᠡᠰᠢᠭᠦᠨ ᠣᠯᠠᠨ | ᠲᠦᠮᠡᠨ ᠳᠤ ᠴᠤ ᠲᠡᠭᠦᠨ ᠤ ᠠᠭᠤᠯᠤᠭᠳᠠᠬᠤᠨ ᠪᠠ ᠠᠴᠢ ᠬᠤᠯᠪᠣᠭᠳᠠᠯ ᠢ ᠥᠷᠭᠡᠨ ᠢᠶᠠᠷ ᠣᠶᠢᠯᠠᠭᠠᠭᠤᠯᠬᠤ ᠶᠢᠨ | ᠬᠠᠮᠲᠤ ᠥᠷᠭᠡᠨ ᠣᠯᠠᠨ ᠲᠣᠰᠬᠤᠨ ᠤ ᠠᠷᠠᠳ ᠢ ᠢᠳᠡᠪᠬᠢᠲᠡᠶ ᠪᠠᠷ ᠣᠷᠣᠯᠴᠠᠭᠤᠯᠬᠤ ᠶᠢ ᠤᠷᠢᠶᠠᠯᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠫᠧᠩ ᠹᠸᠢ | ᠴᠢᠬᠤᠯᠠᠴᠢᠯᠠᠭᠰᠠᠨ ᠨᠢ᠄ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠪᠥᠬᠦ ᠲᠠᠯ᠎ᠠ ᠪᠠᠷ | ᠴᠢᠩᠭᠠᠳᠬᠠᠬᠤ ᠨᠢ ᠦᠨᠳᠦᠰᠦᠨ ᠱᠠᠲᠤᠨ ᠤ ᠵᠠᠰᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ | ᠠᠰᠢᠭᠲᠠᠶ ᠶᠤᠮ᠂ ᠡᠯ᠎ᠡ ᠲᠣᠰᠬᠤᠨ ᠴᠠᠭ ᠪᠢᠳᠡᠨ ᠢ ᠬᠦᠯᠢᠶᠡᠬᠦ ᠥᠬᠡᠶ ᠪᠠᠴᠢᠮ ᠲᠤᠯᠭᠠᠮ᠎ᠠ ᠰᠡᠳᠬᠢᠯᠭᠡ ᠪᠠ | ᠵᠠᠶᠢᠯᠠᠭᠤᠯᠵᠤ ᠪᠣᠯᠤᠰᠢ ᠥᠬᠡᠶ ᠬᠠᠷᠢᠭᠤᠴᠠᠯᠭᠠᠲᠤ ᠰᠡᠳᠬᠢᠯᠭᠡ ᠪᠠᠷ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ︾ ᠭᠡᠵᠡᠶ᠃ | ᠲᠣᠰᠬᠤᠨ ᠤ ᠠᠷᠠᠳ ᠹᠦ᠋ ᠿᠦᠩ ᠪᠠᠶᠠᠷᠲᠠᠶ ᠪᠠᠷ᠄ ︽ᠥᠨᠥᠳᠦᠷ ᠰᠤᠷᠤᠯᠴᠠᠵᠤ ᠣᠯᠤᠭᠰᠠᠨ ᠮᠡᠳᠡᠯᠭᠡ ᠮᠠᠰᠢ | ᠬᠡᠷᠡᠭᠴᠡᠭᠡ ᠲᠠᠢ︕ ᠭᠡᠪᠡᠴᠦ ᠡᠨᠡ ᠪᠣᠯ ᠪᠢᠳᠡ ᠬᠠᠮᠤᠭ ᠤᠨ ᠠᠩᠬᠠᠷᠴᠤ ᠪᠠᠶᠢᠭ᠎ᠠ ᠶᠠᠪᠤᠳᠠᠯ ᠪᠢᠰᠢ᠂ ᠡᠨᠡ ᠡᠳᠦᠷ | ᠣᠷᠣᠯᠴᠠᠵᠤ ᠳᠡᠶᠢᠯᠬᠦ ᠪᠥᠭᠡᠳ ᠪᠠᠰᠠ ᠨᠢᠭᠡᠨ ᠬᠤᠪᠢ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠶᠢ | ᠲᠥᠯᠥᠭᠡᠯᠡᠵᠦ᠂ ᠪᠢᠳᠡ ᠬᠤᠶᠢᠰᠢᠳᠠ ᠪᠠᠰᠠ ᠨᠠᠩ ᠣᠯᠠᠨ ᠬᠥᠮᠦᠰ ᠢ ᠮᠠᠨ ᠤ ᠲᠣᠰᠬᠤᠨ ᠤ ︽ᠤᠮᠠᠷᠠᠲᠤ ᠬᠢᠯᠢ ᠶᠢᠨ | ᠠᠷᠠᠳ ᠤᠨ ᠰᠡᠳᠬᠢᠯ ᠤᠨ ᠬᠥᠭᠦᠷᠭᠡ︾ ᠳᠤ ᠣᠷᠣᠯᠴᠠᠭᠤᠯᠬᠤ ᠪᠠᠷ ᠤᠷᠢᠶᠠᠯᠠᠬᠤ ᠶᠢᠨ ᠬᠠᠮᠲᠤ ᠪᠠᠰᠠ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠲᠠᠪᠴᠠᠩ ᠢ ᠠᠰᠢᠭᠯᠠᠨ᠂ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ | ᠠᠵᠢᠯᠯᠠᠭ᠎ᠠ ᠶᠢ ᠶᠡᠬᠡᠪᠡᠷ ᠥᠷᠨᠢᠭᠦᠯᠬᠦ ᠪᠣᠯᠣᠨ᠎ᠠ︾᠃ | ᠲᠠᠷᠠᠭᠠᠴᠢ ᠶᠢᠨ ᠠᠯᠬᠤᠮ ᠳᠤ᠂ ᠪᠥᠸᠧ ᠯᠢ ᠬᠣ᠋ ᠵᠢᠩ ᠰᠢᠶᠠᠩ ᠤᠨ ᠬᠤᠯᠪᠣᠭ᠎ᠠ ᠠᠪᠬᠤ ᠲᠠᠰᠤᠭ ᠨᠢ | ᠲᠣᠰᠬᠤᠨ ᠤ ᠠᠷᠠᠳ ᠤᠨ ︽ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ︾ ᠶᠢ ᠬᠡᠷᠡᠭᠯᠡᠬᠦ ᠵᠢᠵᠢᠭ | ᠫᠷᠤᠭ᠍ᠷᠠᠮ ᠢ ᠦᠷᠭᠦᠯᠵᠢᠯᠡᠨ ᠳᠡᠯᠭᠡᠷᠡᠭᠦᠯᠵᠦ᠂ ᠨᠠᠩ ᠣᠯᠠᠨ ᠣᠯᠠᠨ ᠲᠦᠮᠡᠨ ᠳᠤ ︽ᠤᠮᠠᠷᠠᠲᠤ ᠬᠢᠯᠢ ᠶᠢᠨ ᠠᠷᠠᠳ ᠤᠨ | ᠰᠡᠳᠬᠢᠯ ᠤᠨ ᠬᠥᠭᠦᠷᠭᠡ︾ ᠶᠢ ᠭᠦᠨᠵᠡᠭᠡᠶ ᠣᠶᠢᠯᠠᠭᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ | ᠣᠶᠢᠯᠠᠭᠠᠭᠤᠯᠵᠤ᠂ ᠪᠥᠸᠧ ᠯᠢ ᠬᠣ᠋ ᠵᠢᠩ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | ᠬᠤᠯᠪᠣᠭ᠎ᠠ ᠠᠪᠬᠤ ᠲᠠᠰᠤᠭ ᠢ ᠣᠶᠢᠯᠠᠭᠠᠭᠤᠯᠤᠨ᠎ᠠ᠃ | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |