ᠪᠥᠸᠧ ᠬᠤ᠋ ᠵᠢᠩ ᠰᠢᠶᠠᠩ ᠵᠡᠮᠳᠡᠭ ᠤᠯᠠᠨ ᠲᠦᠮᠡᠨ ᠢ ᠬᠠᠪᠰᠤᠷᠤᠨ ᠵᠡᠮᠳᠡᠭ ᠬᠦᠮᠦᠨ ᠤ ᠦᠨᠡᠮᠯᠡᠯ ᠠᠪᠴᠤ ᠦᠭᠭᠦᠨ᠎ᠡ
ᠨᠡᠶᠢᠲᠡᠯᠡᠭᠰᠡᠨ ᠴᠠᠭ᠄
2024/7/17
  ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠥᠭᠦᠷᠭᠡ ᠬᠤᠯᠪᠣᠭᠠᠰᠤ ᠶᠢᠨ ᠦᠶ᠋ᠯᠡᠳᠦᠯ ᠢ ᠪᠠᠳᠠᠷᠠᠭᠤᠯᠬᠤ ᠶᠢᠨ ᠲᠥᠯᠥᠭᠡ᠂ ᠪᠥᠸᠧ ᠬᠤ᠋ ᠵᠢᠩ ᠰᠢᠶᠠᠩ ᠤᠨ ᠬᠤᠯᠪᠣᠭ᠎ᠠ ᠠᠪᠬᠤ ᠲᠠᠰᠤᠭ ᠤᠨ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠡᠷᠦᠬᠡ ᠳᠤ ᠬᠦᠷᠴᠦ ᠰᠤᠷᠪᠤᠯᠵᠢᠯᠠᠭᠰᠠᠨ ᠨᠢ ᠬᠦᠴᠢᠷᠳᠡᠯᠲᠡᠶ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠣᠳᠣᠬᠠᠨ ᠤ ᠠᠮᠢᠳᠤᠷᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠢ ᠬᠠᠬᠢᠷ ᠬᠦᠢᠲᠡᠨ ᠠᠭᠤᠷ ᠠᠮᠢᠰᠬᠤᠯ ᠳᠤ ᠪᠡᠶ᠎ᠡ ᠪᠠᠨ ᠭᠠᠮᠨᠠᠵᠤ᠂ ᠭᠠᠯ ᠴᠠᠬᠢᠯᠭᠠᠨ ᠬᠡᠷᠡᠭᠯᠡᠬᠦ ᠶᠢ ᠠᠩᠬᠠᠷᠬᠤ ᠬᠡᠷᠡᠭᠲᠡᠶ ᠭᠡᠵᠦ ᠵᠠᠬᠢᠪᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠫᠧᠩ ᠹᠧᠢ ᠸᠠᠩ ᠨᠠᠰᠤᠲᠠᠨ ᠤ ᠭᠡᠷ ᠲᠤ ᠬᠦᠷᠴᠦ ᠢᠷᠡᠬᠦ ᠳᠤ᠂ ᠸᠠᠩ ᠨᠠᠰᠤᠲᠠᠨ ᠬᠤᠯᠪᠣᠭ᠎ᠠ ᠠᠪᠬᠤ ᠲᠠᠰᠤᠭ ᠤᠨ ᠠᠵᠢᠯᠲᠠᠨ ᠳᠤ ᠬᠡᠯᠡᠬᠦ ᠳᠡᠭᠡᠨ᠄ ᠥᠪᠡᠷ ᠢᠶᠠᠨ ᠥᠨᠥᠴᠢᠨ ᠪᠡᠯᠪᠡᠰᠦᠨ ᠨᠠᠰᠤᠲᠠᠨ ᠪᠠᠶᠢᠵᠤ᠂ ᠲᠠᠷᠢᠬᠢᠨ ᠲᠦᠭᠵᠢᠷᠡᠯ ᠠᠴᠠ ᠪᠣᠯᠵᠤ ᠬᠠᠭᠠᠰ ᠪᠡᠶ᠎ᠡ ᠨᠢ ᠡᠰᠡ ᠵᠠᠪᠳᠤᠭᠰᠠᠨ ᠠᠴᠠ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠᠶᠢᠪᠠᠯ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠯ᠎ᠠ᠃ ᠪᠣᠳᠠᠲᠠᠶ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠢᠶᠠᠨ ᠫᠧᠩ ᠹᠸᠢ ᠨᠥᠬᠦᠷ ᠲᠡᠷᠡ ᠳᠠᠷᠤᠶ ᠳᠤᠨᠢ ᠸᠠᠩ ᠠᠪᠠᠭ᠎ᠠ ᠳᠤ ᠪᠦᠷᠢᠨ ᠪᠡᠯᠡᠳᠬᠡᠬᠦ ᠭᠡᠷᠡᠴᠢ ᠦᠨᠡᠮᠯᠡᠯ ᠪᠠ ᠮᠠᠲ᠋ᠧᠷᠢᠶᠠᠯ ᠢ ᠨᠠᠷᠢᠨ ᠲᠠᠶᠢᠯᠪᠤᠷᠢᠯᠠᠵᠤ ᠥᠭᠪᠡ᠄ ᠡᠩ ᠲᠡᠷᠢᠭᠦᠨ ᠳᠤ ᠲᠣᠰᠬᠤᠨ ᠤ ᠠᠷᠠᠳ ᠤᠨ ᠵᠥᠪᠯᠡᠯ ᠳᠤ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ 2 ᠢᠮᠠᠬᠤ ᠶᠢᠨ ᠬᠡᠷᠡᠯ ᠵᠢᠷᠤᠭ᠂ ᠵᠡᠮᠳᠡᠭ ᠦᠨᠡᠮᠯᠡᠯ ᠭᠤᠶᠤᠴᠢᠯᠠᠬᠤ ᠬᠦᠰᠦᠨᠦᠭᠲᠦ ᠵᠡᠷᠭᠡ ᠶᠢ ᠲᠤᠰᠢᠶᠠᠪᠠ᠃ ᠡᠭᠦᠨ ᠤ ᠬᠠᠮᠲᠤ ᠰᠤᠮᠤᠨ ᠤ ᠠᠷᠠᠳ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠵᠤ ᠪᠠᠶᠢᠭᠠᠳ ᠲᠤᠰᠬᠠᠶ ᠰᠡᠳᠦᠪᠲᠦ ᠬᠤᠷᠠᠯ ᠢᠶᠠᠷ ᠸᠠᠩ ᠨᠣᠶᠠᠨ ᠤ ᠤᠴᠢᠷ ᠶᠠᠪᠤᠳᠠᠯ ᠢ ᠵᠥᠪᠳᠡᠯᠴᠡᠨ ᠰᠢᠢᠳᠪᠦᠷᠢᠯᠡᠵᠦ᠂ ᠥᠪᠡᠷ ᠤᠨ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠶᠢ ᠪᠣᠳᠣᠯᠬᠢᠯᠠᠨ᠂ ᠥᠷᠲᠡᠭᠡᠨ ᠳᠤ ᠰᠠᠭᠤᠭ᠎ᠠ ᠲᠥᠯᠥᠭᠡᠯᠡᠭᠴᠢ ᠪᠠᠨ ᠵᠣᠬᠢᠶᠠᠨ ᠪᠠᠶᠢᠭᠤᠯᠤᠨ ᠰᠢᠶᠠᠨ ᠤ ᠵᠡᠮᠳᠡᠭᠴᠦᠳ ᠤᠨ ᠬᠤᠯᠪᠣᠭ᠎ᠠ ᠳᠤ ᠣᠴᠢᠭᠤᠯᠵᠤ ᠬᠢᠨᠠᠨ ᠲᠣᠭᠲᠠᠭᠠᠯᠲᠠ ᠬᠢᠯᠭᠡᠵᠦ᠂ ᠡᠯ᠎ᠡ ᠵᠦᠢᠯ ᠤᠨ ᠭᠠᠷᠳᠠᠮ ᠢ ᠴᠥᠮ ᠰᠠᠶᠢᠲᠤᠷ ᠬᠢᠭᠰᠡᠨ ᠤ ᠳᠠᠷᠠᠭ᠎ᠠ ᠸᠠᠩ ᠨᠠᠰᠤᠲᠠᠨ ᠵᠡᠮᠳᠡᠭᠴᠦᠳ ᠤᠨ ᠦᠨᠡᠮᠯᠡᠯ ᠣᠯᠤᠭᠰᠠᠨ ᠪᠠᠶᠢᠨ᠎ᠠ᠃ ᠵᠡᠮᠳᠡᠭ ᠤᠨ ᠦᠨᠡᠮᠯᠡᠯ ᠲᠠᠢ ᠪᠣᠯ ᠵᠢᠯ ᠤᠨ ᠡᠴᠦᠰ ᠤᠨ ᠲᠣᠬᠤᠨᠢᠭᠤᠯᠤᠯ᠂ ᠠᠮᠢᠳᠤᠷᠠᠯ ᠤᠨ ᠨᠥᠬᠦᠪᠥᠷᠢ᠂ ᠡᠳᠦᠷ ᠲᠤᠳᠤᠮ ᠤᠨ ᠶᠠᠪᠤᠵᠤ ᠰᠠᠭᠤᠬᠤ ᠵᠡᠷᠭᠡ ᠤᠯᠠᠨ ᠲᠠᠯ᠎ᠠ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠣᠯᠵᠤ ᠪᠣᠯᠤᠨ᠎ᠠ᠂ ᠲᠥᠯᠥᠭᠡᠯᠡᠭᠴᠢᠳ ᠸᠠᠩ ᠠᠪᠤᠭᠠᠢ ᠶᠢᠨ ᠪᠠᠲᠤ ᠴᠢᠩᠭ᠎ᠠ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠢᠲᠡᠭᠡᠯ ᠵᠣᠷᠢᠭ ᠢᠶᠠᠨ ᠬᠥᠪᠴᠢᠯᠡᠬᠦ ᠶᠢ ᠵᠣᠷᠢᠭᠵᠢᠭᠤᠯᠪᠠ᠃    ᠡᠨᠡ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠢᠶᠠᠷ ᠪᠠᠷᠠᠬᠤ ᠥᠬᠡᠶ ᠪᠠᠰᠠ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃ ᠲᠣᠬᠤᠨᠢᠭᠤᠯᠬᠤ ᠳᠤᠮᠳᠠ᠂ ᠲᠢᠶᠠᠨ ᠫᠧᠩ ᠹᠸᠢ ᠨᠥᠬᠦᠷ ᠱᠠᠭᠠᠷᠳᠠᠭᠰᠠᠨ ᠨᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠠᠩᠬᠠᠷᠴᠤ᠂ ᠰᠡᠳᠬᠢᠯ ᠲᠠᠯᠪᠢᠨ ᠲᠡᠳᠡᠨ ᠳᠤ ᠪᠣᠳᠠᠲᠠᠢ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2