ᠴᠢ ᠲᠠᠢ ᠪᠠᠯᠭᠠᠰᠤ ︽ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠶᠢᠷᠠᠯᠠᠵᠤ᠂ ᠭᠡᠷ ᠣᠷᠣᠨ ᠢᠶᠠᠨ ᠠᠷᠢᠭᠤᠨ ᠴᠡᠪᠡᠷ ᠪᠣᠯᠭᠠᠬᠤ︾ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/17
  ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠬᠦ ᠥᠪᠡᠷᠮᠢᠴᠡ ᠳᠠᠪᠠᠭᠤᠯᠢᠭ ᠪᠠ ᠢᠯᠡᠳᠲᠡ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠴᠡᠪᠡᠷ ᠲᠡᠭᠰᠢ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠵᠧᠨ ᠰᠢᠩ ᠵᠠᠮ ᠤᠨ ᠨᠡᠶᠢᠭᠡᠮ ᠲᠣᠭᠤᠷᠢᠭ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠨᠡᠶᠢᠭᠡᠮ ᠲᠣᠭᠤᠷᠢᠭ ᠤᠨ ᠲᠡᠷᠭᠡᠨ ᠤ ᠱᠦᠵᠢ ᠶᠢᠨ ᠳᠠᠭᠠᠭᠤᠯᠭ᠎ᠠ ᠳᠣᠤᠷ᠎ᠠ᠂ ᠲᠥᠯᠥᠭᠡᠯᠡᠭᠴᠢ ᠭᠡᠰᠢᠭᠦᠳ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ᠂ ᠨᠠᠮ ᠤᠨ ᠭᠡᠰᠢᠭᠦᠨ ᠺᠠᠳ᠋ᠷ ᠵᠡᠷᠭᠡ ᠰᠠᠭᠤᠭᠠᠯᠢ ᠠᠷᠠᠳ ᠲᠠᠢ ᠬᠠᠮᠵᠢᠯᠴᠠᠨ ᠢᠳᠠ ᠲᠠᠢ ᠾᠧ ᠴᠧᠩ ᠰᠠᠭᠤᠭᠠᠯᠢ ᠲᠣᠭᠤᠷᠢᠭ ᠲᠤ ᠬᠦᠷᠴᠦ᠂ ᠠᠰᠠᠷ ᠤᠨ ᠵᠠᠮ ᠨᠢᠭᠡᠪᠦᠷᠢ ᠶᠢᠨ ᠣᠪᠣᠭᠠᠯᠠᠭᠰᠠᠨ ᠪᠣᠳᠠᠰ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠠᠰᠠᠷ ᠤᠨ ᠬᠤᠩᠭᠢᠯ ᠤᠨ ᠳᠣᠲᠣᠷᠠᠬᠢ ᠬᠠᠶᠠᠭᠳᠠᠮᠠᠯ ᠬᠡᠷ ᠤᠨ ᠬᠡᠷᠡᠭᠰᠡᠯ᠂ ᠠᠮᠢᠳᠤᠷᠠᠯ ᠤᠨ ᠬᠤᠭ ᠨᠣᠪᠰᠢ᠂ ᠡᠯᠳᠡᠪ ᠪᠣᠳᠠᠰ ᠵᠡᠷᠭᠡ ᠣᠪᠣᠭᠠᠯᠠᠭᠰᠠᠨ ᠪᠣᠳᠠᠰ ᠢ ᠲᠥᠪᠯᠡᠷᠡᠭᠦᠯᠦᠨ ᠴᠡᠪᠡᠷᠯᠡᠵᠦ᠂ ᠬᠥᠮᠦᠰ ᠤᠨ ᠣᠷᠣᠰᠢᠨ ᠰᠠᠭᠤᠬᠤ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃    ᠲᠥᠪᠯᠡᠷᠡᠭᠦᠯᠦᠨ ᠴᠡᠪᠡᠷᠯᠡᠬᠦ ᠪᠠᠷ ᠳᠠᠮᠵᠢᠨ᠂ ᠨᠡᠶᠢᠭᠡᠮ ᠲᠣᠭᠤᠷᠢᠭ ᠤᠨ ᠠᠰᠠᠷ ᠤᠨ ᠬᠤᠩᠭᠢᠯ ᠤᠨ ᠡᠷᠡᠭᠦᠯ ᠬᠠᠮᠠᠭᠠᠯᠠᠯ ᠨᠡᠯᠢᠶᠡᠳ ᠶᠡᠭᠡ ᠬᠡᠮᠵᠢᠶ᠎ᠡ ᠪᠠᠷ ᠰᠠᠶᠢᠵᠢᠷᠠᠪᠠ᠃ ᠵᠠᠯᠭᠠᠭᠠᠳ᠂ ᠨᠡᠶᠢᠭᠡᠮ ᠲᠣᠭᠤᠷᠢᠭ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠰᠠᠷ ᠳᠠᠷᠠᠭᠠᠯᠠᠨ᠂ ᠳᠡᠰ ᠳᠠᠷᠠᠭᠠᠯᠠᠯ ᠢᠶᠠᠷ᠂ ᠪᠠᠶᠢᠴᠠᠭᠠᠵᠤ ᠰᠤᠭᠤᠴᠢᠨ ᠪᠠᠶᠢᠴᠠᠭᠠᠵᠤ᠂ ᠨᠢᠭᠡ ᠡᠷᠦᠬᠡ ᠣᠯᠵᠤ ᠮᠡᠳᠡᠪᠡᠯ ᠨᠢᠭᠡ ᠡᠷᠦᠬᠡ ᠶᠢ ᠴᠡᠪᠡᠷᠯᠡᠵᠦ᠂ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠠᠷᠢᠭᠤᠨ ᠴᠡᠪᠡᠷ ᠭᠡᠷ ᠣᠷᠣᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠵᠤ ᠥᠭᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2