ᠴᠢ ᠲᠠᠢ ᠪᠠᠯᠭᠠᠰᠤ ᠱᠠᠩᠳᠤ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/17
  ᠲᠥᠯᠥᠭᠡᠯᠡᠭᠴᠢ ᠭᠡᠰᠢᠭᠦᠳ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠠᠮᠤᠷ ᠲᠦᠪᠰᠢᠨ ᠤ ᠨᠡᠶᠢᠭᠡᠮ ᠲᠣᠭᠤᠷᠢᠭ ᠢ ᠪᠥᠲᠥᠭᠡᠨ ᠪᠠᠶᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠱᠠᠩᠳᠤ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠪᠠᠷ ᠲᠦᠷᠦᠭᠦᠯᠡᠭᠦᠯᠦᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢ ᠲᠠᠢ ᠪᠠᠯᠭᠠᠰᠤᠨ ᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠠᠯᠪᠤᠷᠢ ᠪᠠᠭ᠎ᠠ ᠠᠩᠭᠢ᠂ ᠬᠡᠰᠡᠭ ᠲᠥᠯᠥᠭᠡᠯᠡᠭᠴᠢ ᠭᠡᠰᠢᠭᠦᠨ᠂ ᠨᠡᠶᠢᠭᠡᠮ ᠲᠣᠭᠤᠷᠢᠭ ᠤᠨ ᠰᠦᠯᠵᠢᠶᠡᠨ ᠤ ᠳᠠᠷᠤᠭ᠎ᠠ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠶᠢᠨ ᠰᠠᠨ ᠵᠢᠶᠣᠣ ᠨᠡᠶᠢᠭᠡᠮ ᠲᠣᠭᠤᠷᠢᠭ ᠪᠠ ᠰᠢ ᠶᠤᠸᠠᠨ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠸᠧᠨ ᠰᠢᠨ ᠬᠡᠷ ᠣᠷᠣᠨ ᠤ ᠵᠢᠵᠢᠭ ᠲᠣᠭᠤᠷᠢᠭ ᠵᠢᠴᠢ ᠾᠦᠢ ᠮᠢᠨ ᠰᠠᠭᠤᠭᠠᠯᠢ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠰᠥᠨᠢ ᠪᠠᠷ ᠪᠠᠶᠢᠴᠠᠭᠠᠵᠤ ᠶᠡᠭᠡ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠨᠡᠶᠢᠲᠡ ᠳᠥᠷᠪᠡᠨ ᠳᠤᠭᠤᠶᠢᠯᠠᠩ ᠬᠤᠪᠢᠶᠠᠵᠤ᠂ ᠸᠧᠨ ᠰᠢᠨ ᠵᠢᠶᠠ ᠶᠤᠸᠠᠨ ᠲᠣᠭᠤᠷᠢᠭ ᠤᠨ 18 ᠰᠠᠭᠤᠷᠢ ᠬᠢᠮᠳᠠ ᠲᠦᠷᠢᠶᠡᠰᠦᠨ ᠠᠰᠠᠷ᠂ ᠨᠡᠭᠦᠳᠡᠯ ᠠᠷᠠᠳ ᠤᠨ ᠠᠰᠠᠷ ᠵᠢᠴᠢ ᠾᠦᠢ ᠮᠢᠨ ᠰᠢᠨ ᠶᠤᠸᠠᠨ ᠲᠣᠭᠤᠷᠢᠭ ᠤᠨ 24 ᠰᠠᠭᠤᠷᠢ ᠬᠢᠮᠳᠠ ᠲᠦᠷᠢᠶᠡᠰᠦᠨ ᠠᠰᠠᠷ᠂ ᠨᠡᠭᠦᠳᠡᠯ ᠠᠷᠠᠳ ᠤᠨ ᠠᠰᠠᠷ᠂ ᠨᠡᠶᠢᠲᠡ ᠶᠢᠨ ᠲᠦᠷᠢᠶᠡᠰᠦᠨ ᠠᠰᠠᠷ ᠲᠤ ᠲᠣᠰ ᠲᠣᠰ ᠭᠡᠨᠡᠳᠲᠡ ᠶᠢᠨ ᠪᠠᠶᠢᠴᠠᠭᠠᠯᠲᠠ ᠬᠢᠵᠡᠶ᠂ ᠭᠤᠤᠯᠳᠠᠭᠤ ᠠᠰᠠᠷ ᠤᠨ ᠭᠤᠳᠤᠮᠵᠢ ᠶᠢᠨ ᠳᠣᠲᠣᠷ᠎ᠠ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠳᠤᠷ᠎ᠠ ᠪᠠᠷ ᠢᠶᠠᠨ ᠴᠠᠬᠢᠯᠭᠠᠨ ᠴᠡᠨᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠵᠢᠴᠢ ᠠᠰᠠᠷ ᠤᠨ ᠭᠤᠳᠤᠮᠵᠢ ᠳᠤ ᠳᠤᠷ᠎ᠠ ᠪᠠᠷ ᠢᠶᠠᠨ ᠡᠯᠳᠡᠪ ᠶᠠᠭᠤᠮ᠎ᠠ ᠣᠪᠣᠭᠠᠯᠠᠬᠤ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠯᠲᠠ ᠬᠢᠪᠠ᠃ ᠬᠡᠰᠡᠭ ᠠᠰᠠᠷ ᠤᠨ ᠬᠤᠩᠭᠢᠯ ᠤᠨ ᠭᠠᠯ ᠤᠨᠲᠠᠷᠠᠭᠠᠬᠤ ᠲᠥᠬᠦᠭᠡᠷᠦᠮᠵᠢ ᠨᠢ ᠳᠤᠲᠠᠭᠳᠠᠭᠰᠠᠨ ᠪᠤᠶᠤ ᠡᠪᠳᠡᠭᠳᠡᠭᠰᠡᠨ᠂ ᠠᠮᠤᠷ ᠲᠦᠪᠰᠢᠨ ᠭᠠᠷᠬᠤ ᠡᠭᠦᠳᠡ ᠨᠢ ᠴᠠᠬᠢᠯᠭᠠᠨ ᠬᠥᠳᠡᠯᠭᠡᠭᠦᠷᠲᠦ ᠲᠡᠷᠭᠡ ᠪᠥᠭᠯᠡᠷᠡᠭᠰᠡᠨ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠵᠠᠯᠭᠠᠭᠰᠠᠨ ᠨᠢ ᠵᠢᠷᠤᠮᠵᠢᠯ ᠳᠤ ᠨᠡᠶᠢᠴᠡᠬᠦ ᠥᠬᠡᠶ ᠵᠡᠷᠭᠡ ᠪᠠᠶᠢᠳᠠᠯ ᠳᠤ ᠠᠵᠢᠯᠲᠠᠳ ᠡᠷᠦᠬᠡ ᠳᠤ ᠣᠷᠣᠵᠤ ᠨᠠᠷᠢᠨ ᠬᠢᠨᠠᠮᠠᠭᠠᠶ ᠤᠬᠠᠭᠤᠯᠵᠤ᠂ ᠲᠠᠶᠢᠯᠪᠤᠷᠢᠯᠠᠵᠤ᠂ ᠭᠠᠯ ᠤᠨᠲᠠᠷᠠᠭᠠᠬᠤ ᠲᠣᠭᠲᠠᠭᠠᠯ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠬᠤ ᠶᠢᠨ ᠬᠠᠮᠲᠤ ᠠᠮᠤᠷ ᠲᠦᠪᠰᠢᠨ ᠤ ᠨᠡᠪᠲᠡᠷᠡᠬᠦ ᠵᠠᠮ ᠢ ᠴᠠᠭ ᠲᠤᠬᠠᠶ ᠳᠤᠨᠢ ᠴᠡᠪᠡᠷᠯᠡᠨ ᠨᠡᠪᠲᠡᠷᠡᠭᠦᠯᠪᠡ᠃    ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠠᠴᠠ ᠭᠠᠯ ᠤᠨ ᠭᠠᠮᠰᠢᠭ ᠤᠨ ᠳᠠᠯᠳᠠ ᠬᠡᠮ ᠣᠷᠣᠰᠢᠵᠤ ᠪᠠᠶᠢᠭ᠎ᠠ ᠵᠡᠷᠭᠡ ᠠᠰᠠᠭᠤᠳᠠᠯ ᠢ ᠰᠥᠨᠢ ᠪᠠᠷ ᠪᠠᠶᠢᠴᠠᠭᠠᠨ ᠭᠠᠷᠭᠠᠵᠤ᠂ ᠰᠠᠭᠤᠭᠠᠯᠢ ᠠᠷᠠᠳ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠲᠦᠷᠭᠡᠬᠡᠨ ᠪᠡᠶᠡᠯᠡᠭᠦᠯᠵᠦ᠂ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠥᠬᠡᠶ ᠰᠠᠭᠤᠭᠠᠯᠢ ᠠᠷᠠᠳ ᠲᠤ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠬᠠᠮᠢᠶ᠎ᠠ ᠪᠥᠬᠦᠶ ᠠᠷᠭ᠎ᠠ ᠬᠡᠮᠵᠢᠶ᠎ᠡ ᠠᠪᠴᠤ᠂ ᠴᠢᠩᠭ᠎ᠠ ᠪᠥᠭᠡᠳ ᠬᠦᠨᠳᠦ ᠪᠠᠷ ᠰᠢᠳᠬᠡᠵᠦ᠂ ᠳᠠᠯᠳᠠ ᠬᠡᠮ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠢᠴᠠᠭᠠᠬᠤ ᠡᠷᠴᠢᠮ ᠪᠠ ᠤᠳᠠᠭ᠎ᠠ ᠪᠠᠨ ᠨᠡᠮᠡᠭᠳᠡᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠳᠠᠯᠳᠠ ᠭᠡᠮ ᠢ ᠶᠡᠬᠡᠪᠡᠷ ᠴᠡᠭᠴᠡᠯᠡᠨ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ︽ᠡᠷᠭᠢᠵᠦ ᠬᠠᠷᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠤᠬᠠᠭᠤᠯᠭ᠎ᠠ ᠮᠡᠳᠡᠭᠳᠡᠯ ᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠬᠠᠷᠢᠶ᠎ᠠ ᠣᠷᠣᠨ ᠤ ᠪᠠᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2