ᠴᠢ ᠲᠠᠢ ᠪᠠᠯᠭᠠᠰᠤ ᠬᠥᠮᠦᠨ ᠮᠠᠯ ᠢ ᠰᠠᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠾᠧ ᠮᠧᠢ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/7/17
 ᠬᠥᠮᠦᠨ ᠮᠠᠯ ᠤᠨ ᠬᠤᠯᠢᠯᠳᠤᠨ ᠰᠠᠭᠤᠬᠤ ᠠᠰᠠᠭᠤᠳᠠᠯ ᠪᠣᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠵᠠᠩᠭᠢᠯᠠᠭ᠎ᠠ ᠪᠣᠯᠤᠨ᠎ᠠ᠃ ᠨᠢᠭᠡ ᠵᠢᠯ ᠭᠠᠷᠤᠶ ᠶᠢᠨ ᠲᠤᠷᠰᠢ᠂ ᠴᠢ ᠲᠠᠢ ᠪᠠᠯᠭᠠᠰᠤ ᠬᠥᠮᠦᠨ ᠮᠠᠯ ᠢ ᠰᠠᠯᠭᠠᠬᠤ ᠠᠵᠢᠯ ᠢ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠨᠢᠭᠲᠠ ᠠᠭᠤᠰᠤᠯᠴᠠᠭᠤᠯᠵᠤ᠂ ᠲᠥᠪᠯᠡᠷᠡᠩᠭᠦᠶ ᠮᠠᠶ᠋ᠢᠭ ᠤᠨ ᠬᠥᠮᠦᠨ ᠮᠠᠯ ᠢ ᠰᠠᠯᠭᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠭᠡ ᠪᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠡᠪᠡᠳᠴᠢᠨ ᠡᠮᠭᠡᠭ ᠤᠨ ᠲᠦᠭᠰᠢᠭᠦᠷᠢ ᠶᠢ ᠪᠠᠭᠤᠷᠠᠭᠤᠯᠵᠤ᠂ ᠬᠥᠮᠦᠨ ᠮᠠᠯ ᠢ ᠰᠠᠯᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠ ᠭᠤᠶᠣ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃    ᠴᠢ ᠲᠠᠢ ᠪᠠᠯᠭᠠᠰᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠰᠠᠶᠢᠨ ᠰᠠᠶᠢᠬᠠᠨ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠶᠢᠨ ᠬᠠᠮᠲᠤ ᠬᠥᠮᠦᠨ ᠮᠠᠯ ᠤᠨ ᠬᠤᠯᠢᠯᠳᠤᠨ ᠰᠠᠭᠤᠵᠤ ᠪᠠᠶᠢᠭ᠎ᠠ ᠣᠳᠣᠬᠢ ᠪᠠᠶᠢᠳᠠᠯ ᠢ ᠰᠠᠶᠢᠵᠢᠷᠠᠭᠤᠯᠵᠤ᠂ ᠬᠦᠷᠢᠶ᠎ᠡ ᠬᠠᠰᠢᠶᠠᠨ ᠤ ᠣᠷᠴᠢᠨ ᠲᠣᠭᠤᠷᠢᠨ ᠪᠠ ᠲᠣᠰᠬᠤᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ ᠂ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ ᠪᠠᠭᠠᠰᠬᠠᠬᠤ ᠶᠢᠨ ᠲᠥᠯᠥᠭᠡ᠂ 2023 ᠣᠨ ᠤ 1 ᠰᠠᠷ᠎ᠠ ᠳᠤ ᠪᠡᠭᠡᠵᠢᠩ ᠥᠪᠥᠷ ᠮᠣᠩᠭᠤᠯ ᠤᠨ ᠲᠥᠷᠥᠯ ᠵᠦᠶ᠋ᠯ ᠤᠨ ᠪᠠᠯᠠ ᠮᠥᠩᠭᠦ ᠶᠢ ᠬᠠᠮᠵᠢᠯᠴᠠᠨ ᠬᠥᠮᠦᠨ ᠮᠠᠯ ᠢ ᠰᠠᠯᠭᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠥᠷᠨᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 830 ᠲᠦᠮᠡ ᠣᠷᠴᠢᠮ ᠪᠠᠶᠢᠵᠤ᠂ 2023 ᠣᠨ ᠤ 12 ᠰᠠᠷ᠎ᠠ ᠳᠤ ᠪᠥᠲᠥᠭᠡᠨ ᠪᠠᠶᠢᠭᠤᠯᠵᠤ ᠳᠠᠭᠤᠰᠬᠠᠪᠠ᠃ ᠲᠤᠰ ᠲᠦᠷᠦᠯ ᠵᠦᠢᠯ ᠢ ᠴᠢ ᠲᠠᠢ ᠪᠠᠯᠭᠠᠰᠤᠨ ᠤ ᠭᠤᠷᠪᠠᠨ ᠵᠢᠩ ᠵᠠᠰᠠᠭ ᠵᠠᠬᠢᠷᠭᠠᠨ ᠤ ᠲᠣᠰᠬᠤᠨ ᠤ ᠬᠠᠢ ᠪᠦ᠋ ᠽᠢ ᠲᠠᠨ ᠤ ᠭᠠᠵᠠᠷ ᠣᠷᠣᠨ ᠳᠤ ᠪᠠᠶᠢᠷᠢᠯᠠᠵᠤ᠂ ᠲᠠᠯᠠᠪᠠᠢ ᠨᠢ ᠪᠠᠷᠤᠭ 32 ᠮᠦ᠂ 21500 ᠺᠦᠸᠠᠳ᠋ ᠮᠧᠳ᠋ᠷ᠂ ᠬᠠᠰᠢᠶ᠎ᠠ ᠰᠠᠷᠠᠪᠴᠢ ᠶᠢᠨ ᠪᠠᠷᠢᠯᠭ᠎ᠠ ᠶᠢᠨ ᠲᠠᠯᠠᠪᠠᠢ ᠪᠠᠷᠤᠭ 5200 ᠺᠦᠸᠠᠳ᠋ ᠮᠧᠳ᠋ᠷ ᠪᠤᠢ᠃ ᠲᠣᠰ ᠲᠥᠷᠥᠯ ᠵᠦᠢᠯ ᠳᠤ ᠬᠡᠷᠡᠭᠯᠡᠬᠦ ᠭᠠᠵᠠᠷ ᠨᠢ ᠪᠡᠯᠡᠳᠭᠡᠮᠵᠢᠳᠤ ᠲᠠᠷᠢᠶᠠᠯᠠᠩ᠂ ᠬᠥᠳᠡᠭᠡ ᠲᠣᠰᠬᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠬᠠᠷᠢᠶᠠᠯᠠᠭᠳᠠᠨ᠎ᠠ᠂ ᠲᠣᠰᠬᠤᠨ ᠤ ᠬᠠᠮᠲᠤ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ᠂ ᠭᠠᠵᠠᠷ ᠰᠢᠷᠣᠶ ᠶᠢᠨ ᠰᠢᠨᠵᠢ ᠴᠢᠨᠠᠷ ᠨᠢ ᠪᠠᠶᠢᠭᠠᠯᠢ ᠶᠢᠨ ᠡᠯᠡᠰᠦᠨ ᠲᠠᠩ ᠤᠨ ᠪᠡᠯᠴᠢᠭᠡᠷ ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠲᠣᠰᠬᠤᠨ ᠤ ᠠᠷᠠᠳ ᠤᠨ ᠵᠥᠪᠯᠡᠯ ᠪᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢᠶᠠᠷ ᠶᠠᠷᠢᠯᠴᠠᠭᠤᠯᠤᠨ ᠪᠠᠲᠤᠯᠠᠪᠠ᠃ ᠲᠤᠰ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠥᠳᠡᠭᠡ ᠲᠣᠰᠬᠤᠨ ᠤ ᠴᠢᠳᠠᠮᠵᠢ ᠶᠢᠨ ᠣᠷᠣᠨ ᠪᠦᠰᠡ ᠶᠢ ᠪᠦᠲᠦᠮᠵᠢᠲᠡᠶ ᠠᠮᠢᠳᠤᠷᠠᠯ ᠤᠨ ᠣᠷᠣᠨ ᠪᠦᠰᠡ᠂ ᠲᠡᠵᠢᠭᠡᠨ ᠦᠷᠡᠵᠢᠭᠦᠯᠬᠦ ᠣᠷᠣᠨ ᠪᠦᠰᠡ᠂ ᠦᠢᠯᠡᠳᠪᠦᠷᠢᠯᠡᠯ ᠤᠨ ᠣᠷᠣᠨ ᠪᠦᠰᠡ ᠵᠡᠷᠭᠡ ᠬᠤᠪᠢᠶᠠᠨ᠎ᠠ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠬᠤ ᠳᠠᠭᠠᠨ᠂ ᠭᠤᠷᠪᠠᠨ ᠵᠢᠩ ᠲᠣᠰᠬᠤᠨ ᠤ ᠠᠷᠠᠳ ᠤᠨ ᠵᠥᠪᠯᠡᠯ ᠢ ᠴᠤᠭᠯᠠᠭᠤᠯᠤᠨ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠳᠤ ᠬᠦᠷᠢᠶ᠎ᠡ ᠬᠠᠰᠢᠶ᠎ᠠ ᠬᠤᠪᠢᠶᠠᠷᠢᠯᠠᠬᠤ ᠬᠤᠷᠠᠯ ᠬᠤᠷᠠᠯᠳᠤᠭᠤᠯᠵᠤ᠂ ᠭᠤᠷᠪᠠᠨ ᠬᠤᠳᠳᠤᠭ ᠤᠨ ᠵᠠᠰᠠᠭ ᠵᠠᠬᠢᠷᠭᠠᠨ ᠤ ᠲᠣᠰᠬᠤᠨ ᠤ 40 ᠲᠡᠵᠢᠭᠡᠨ ᠦᠷᠡᠵᠢᠭᠦᠯᠬᠦ ᠡᠷᠦᠬᠡ᠂ 3500 ᠬᠤᠨᠢ ᠶᠢ ᠵᠦᠶ ᠵᠣᠬᠢᠰᠲᠠᠶ ᠪᠦᠲᠦᠮᠵᠢᠲᠡᠶ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠬᠤᠪᠢᠶᠠᠷᠢᠯᠠᠪᠠ᠃    ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠨᠢᠭᠡ ᠵᠦᠢᠯ ᠤᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠠᠵᠢᠯ ᠪᠣᠯᠤᠨ᠎ᠠ᠂ ᠬᠥᠮᠦᠨ ᠮᠠᠯ ᠢ ᠰᠠᠯᠭᠠᠵᠤ ᠠᠬᠢᠭᠤᠯᠬᠤ ᠠᠵᠢᠯ ᠤᠨ ᠳᠤᠮᠳᠠ᠂ ᠵᠠᠷᠢᠮ ᠰᠠᠶᠢᠨ ᠲᠤᠷᠰᠢᠯᠭ᠎ᠠ ᠪᠣᠯᠤᠨ ᠠᠷᠭ᠎ᠠ ᠬᠢᠳᠡᠯ ᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠣᠷᠣᠭᠤᠯᠵᠤ᠂ ᠤᠯᠠᠨ ᠲᠦᠮᠡᠨ ᠤ ᠥᠪᠡᠷ ᠢ ᠪᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠤᠯᠠᠨ ᠲᠦᠮᠡᠨ ᠤ ᠡᠨᠡ ᠬᠦ ᠠᠵᠢᠯ ᠢ ᠪᠦᠬᠦ ᠲᠠᠯ᠎ᠠ ᠪᠠᠷ ᠤᠢᠢᠯᠠᠭᠠᠨ ᠬᠠᠮᠵᠢᠯᠴᠠᠬᠤ ᠶᠢ ᠵᠣᠷᠢᠭᠵᠢᠭᠤᠯᠵᠤ᠂ ᠤᠯᠠᠨ ᠲᠦᠮᠡᠨ ᠢ ᠦᠨᠡᠨ ᠬᠦ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠣᠷᠣᠯᠴᠠᠭᠴᠢ ᠪᠠ ᠠᠰᠢᠭ ᠬᠦᠷᠳᠡᠭᠴᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠴᠣ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2