ᠬᠠᠤᠯᠢ ᠴᠠᠭᠠᠵᠠ ᠶᠢᠨ ᠶᠠᠮᠤᠨ ᠪᠠ ᠵᠠᠮ ᠲᠡᠭᠡᠭᠡᠪᠦᠷᠢ ᠶᠢᠨ ᠶᠠᠮᠤᠨ ᠱᠠᠩᠳᠤ ᠰᠢᠶᠠᠨ ᠳᠤ ᠬᠦᠷᠴᠦ ︽ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠢᠮ︾ ᠤᠨ ᠬᠠᠤᠯᠢ ᠲᠣᠭᠲᠠᠭᠠᠬᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/17
 7 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠬᠠᠤᠯᠢ ᠴᠠᠭᠠᠵᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠶᠢᠴᠠᠭᠠᠨ ᠰᠤᠳᠤᠯᠬᠤ ᠳᠤᠭᠤᠶᠢᠯᠠᠩ ᠱᠠᠩᠳᠤ ᠰᠢᠶᠠᠨ ᠳᠤ ᠬᠦᠷᠴᠦ ︽ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠷᠢᠮ︾ ᠤᠨ ᠬᠠᠤᠯᠢ ᠲᠣᠭᠲᠠᠭᠠᠬᠤ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠷᠢᠯᠴᠠᠬᠤ ᠬᠤᠷᠠᠯ᠂ ᠰᠤᠷᠪᠤᠯᠵᠢᠯᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠰᠢᠶᠠᠨ᠂ ᠰᠢᠶᠠᠩ᠂ ᠲᠣᠰᠬᠤᠨ ᠤ ᠵᠠᠮ ᠤᠨ ᠪᠦᠳᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠡᠢ᠃    ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠢᠶᠠᠩ ᠪᠠᠯᠭᠠᠰᠤ᠂ ᠲᠣᠰᠬᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ ᠲᠠᠯ᠎ᠠ ᠶᠢᠨ ᠦᠨᠳᠦᠰᠦᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠲᠤᠰ ᠲᠤᠰ ᠬᠠᠷᠢᠭᠤ ᠮᠡᠳᠡᠭᠦᠯᠬᠦ ᠶᠢᠨ ᠬᠠᠮᠲᠤ ︽ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠢᠮ︾ ᠤᠨ ᠬᠠᠤᠯᠢ ᠲᠣᠭᠲᠠᠭᠠᠬᠤ ᠲᠠᠯ᠎ᠠ ᠪᠠᠷ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠨ ᠰᠤᠳᠤᠯᠬᠤ ᠳᠤᠭᠤᠶᠢᠯᠠᠩ ᠣᠯᠠᠨ ᠤ ︽ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠷᠢᠮ︾ ᠳᠤ ᠴᠢᠭᠯᠡᠭᠦᠯᠦᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠤᠲᠠᠯᠠᠵᠤ᠂ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠰᠠᠭᠤᠷᠢᠯᠠᠵᠤ᠂ ᠪᠣᠳᠠᠲᠠᠶ ᠶᠢ ᠡᠷᠬᠢᠮᠯᠡᠨ ᠲᠤᠰᠠᠲᠠᠶ ᠪᠠᠶᠢᠬᠤ ᠶᠢ ᠳᠣᠪᠤᠶᠢᠯᠭᠠᠵᠤ᠂ ᠨᠠᠩ ᠰᠢᠯᠢᠳᠡᠭ ᠬᠠᠤᠯᠢ ᠲᠣᠭᠲᠠᠭᠠᠬᠤ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠵᠦ ᠢᠯᠡᠳᠬᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2