ᠱᠠᠩᠳᠤ ᠰᠢᠶᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠠᠪᠴᠠᠩ ᠳᠡᠭᠡᠷᠡᠬᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠬᠢᠴᠢᠶᠡᠯ ᠤᠨ ᠳᠡᠪᠲᠡᠷ ᠤᠨ ᠵᠦᠴᠦᠭᠡ ᠶᠢᠨ ᠦᠵᠡᠭᠦᠯᠦᠯᠭᠡ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/7/17
  ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠱᠠᠩᠳᠤ ᠰᠢᠶᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠠᠪᠴᠠᠩ ᠳᠡᠭᠡᠷᠡᠬᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠬᠢᠴᠢᠶᠡᠯ ᠤᠨ ᠳᠡᠪᠲᠡᠷ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠱᠠᠩᠳᠤ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ ᠲᠣᠭᠯᠠᠯᠲᠠ ᠭᠠᠷᠭᠠᠵᠤ᠂ ᠲᠡᠳᠡ ᠠᠮᠢᠳᠤ ᠴᠣᠪᠣᠭᠤᠯᠢᠭ ᠲᠠᠶᠢᠰᠠᠨ ᠤ ᠵᠦᠴᠦᠭᠡ ᠶᠢᠨ ᠬᠡᠯᠪᠡᠷᠢ ᠪᠠᠷ ᠠᠳᠠᠯᠢ ᠪᠤᠰᠤ ᠳᠦᠷᠢ ᠶᠢ ᠲᠣᠭᠯᠠᠬᠤ ᠪᠠᠷ ᠳᠠᠮᠵᠢᠭᠤᠯᠤᠨ᠂ ᠳᠦᠷᠢ ᠶᠢᠨ ᠳᠣᠲᠣᠭᠠᠳᠤ ᠰᠡᠳᠬᠢᠯ ᠤᠨ ᠶᠢᠷᠲᠢᠨᠴᠦ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠳᠤᠮᠳᠠᠬᠢ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ᠂ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠴᠤᠭ ᠵᠢᠪᠬᠤᠭ᠎ᠠ ᠶᠢ ᠲᠣᠭᠯᠠᠯᠲᠠ ᠳᠤ ᠠᠭᠤᠰᠤᠯᠴᠠᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠤ ᠳᠤᠷ᠎ᠠ ᠰᠣᠨᠢᠷᠬᠠᠯ ᠢ ᠳᠡᠭᠡᠭᠰᠢᠯᠡᠭᠦᠯᠵᠦ᠂ ᠲᠡᠳᠡᠨ ᠢ ᠦᠭᠡ ᠳᠠᠭᠤᠨ ᠦᠭᠡᠢ ᠪᠣᠯᠭᠠᠬᠤ ᠳᠤᠮᠳᠠ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠥᠯᠥᠭᠡᠯᠡᠯ ᠢ ᠬᠦᠷᠲᠡᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠢ ᠲᠠᠪᠴᠠᠩ ᠳᠡᠭᠡᠷ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠢᠶᠠᠷ ᠪᠠᠷᠠᠬᠤ ᠥᠬᠡᠶ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠠᠩ ᠣᠯᠠᠨ ᠬᠠᠮᠲᠤ ᠰᠤᠷᠤᠭᠴᠢᠳ ᠤᠨ ᠰᠡᠳᠬᠢᠯ ᠳᠤ ᠣᠷᠣᠭᠤᠯᠵᠤ᠂ ᠱᠠᠩᠳᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠤᠯᠴᠠᠯᠭ᠎ᠠ ᠳᠤᠮᠳᠠᠬᠢ ᠰᠢᠯᠢᠳᠡᠭ ᠦᠷ᠎ᠡ ᠪᠦᠲᠦᠭᠡᠯ ᠢ ᠭᠦᠶ᠋ᠴᠡᠳ ᠳᠡᠯᠭᠡᠨ ᠦᠵᠡᠭᠦᠯᠦᠭᠰᠡᠨ ᠪᠥᠭᠡᠳ ᠪᠠᠰᠠ ᠪᠥᠬᠦ ᠰᠢᠶᠠᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2