ᠮᠠᠨ ᠤ ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠬᠠᠮᠠᠭᠠᠯᠠᠨ | ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠣᠷᠴᠢᠨ ᠨᠥᠬᠦᠴᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠡᠪᠡᠷᠰᠢᠭᠦᠯᠦᠨ ᠪᠣᠶ ᠪᠣᠯᠭᠠᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠨᠥᠬᠦᠴᠡᠯ ᠤᠨ | ᠬᠦᠷᠢᠶᠡᠨ ᠳᠤ ᠢᠯᠡᠷᠡᠭᠰᠡᠨ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠮᠬᠢ | ᠵᠢᠷᠤᠮ ᠢ ᠬᠦᠨᠳᠦ ᠨᠣᠴᠢᠲᠠᠶ ᠰᠠᠮᠠᠭᠤᠷᠠᠭᠤᠯᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠬᠦ | ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠨᠥᠯᠥᠭᠡᠯᠡᠬᠦ ᠲᠣᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠥᠯᠥᠭᠡ᠂ 2024 ᠣᠨ ᠤ 7 ᠰᠠᠷ᠎ᠠ ᠠᠴᠠ 12 ᠰᠠᠷ᠎ᠠ ᠶᠢᠨ ᠰᠡᠭᠦᠯᠴᠢ | ᠪᠣᠯᠲᠠᠯ᠎ᠠ᠂ ᠮᠠᠨ ᠤ ᠰᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠬᠤᠭ ᠨᠣᠪᠰᠢ ᠶᠢ ᠰᠢᠶ᠋ᠳᠪᠦᠷᠢᠯᠡᠬᠦ᠂ | ᠪᠠᠷᠢᠯᠭ᠎ᠠ ᠶᠢᠨ ᠵᠠᠬ᠎ᠠ ᠳᠡᠯᠭᠡᠭᠦᠷ ᠪᠠ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ ᠣᠷᠴᠢᠨ ᠠᠬᠤᠶ ᠶᠢᠨ | ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠵᠡᠷᠭᠡ ᠲᠠᠯ᠎ᠠ ᠪᠠᠷ ᠣᠷᠣᠰᠢᠵᠤ | ᠪᠠᠶᠢᠭ᠎ᠠ ᠲᠣᠪᠤᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃ | ᠢᠯᠡᠴᠢᠯᠡᠨ ᠮᠡᠳᠡᠭᠦᠯᠬᠦ ᠤᠲᠠᠰᠤ᠄ 0474 - 6917605 | ᠢᠯᠡᠴᠢᠯᠡᠨ ᠮᠡᠳᠡᠭᠦᠯᠬᠦ ᠢᠮᠧᠯ᠄ sdjsj2010@126.com | ᠤᠲᠠᠰᠤ ᠪᠠᠷ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ | ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30-18᠄ 00 | ᠱᠠᠩᠳᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ | ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠤᠨ ᠠᠯᠪᠠᠨ ᠬᠡᠷ | 2024 ᠣᠨ ᠤ 7 ᠰᠠᠷ᠎ᠠ ᠶᠢᠨ 19 ᠤ ᠡᠳᠦᠷ | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |